ᠥᠪᠥᠷ ᠮᠣᠩᠭᠤᠯ ᠤᠨ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠴᠠᠬᠢᠯᠭᠠᠨ ᠳᠠᠮᠵᠢᠭᠤᠯᠤᠯᠲᠠ 25 ᠵᠢᠯ ᠤᠨ ᠬᠤᠭᠤᠴᠠᠭᠠᠨ ᠳᠤ 12 ᠳᠠᠬᠢᠨ ᠣᠷᠴᠢᠮ ᠨᠡᠮᠡᠭᠳᠡᠪᠡ
ᠨᠡᠶᠢᠲᠡᠯᠡᠭᠰᠡᠨ ᠴᠠᠭ᠄
2019/1/3
     ᠥᠪᠥᠷ ᠮᠣᠩᠭᠤᠯ ᠤᠨ ᠴᠠᠬᠢᠯᠭᠠᠨ ᠲᠣᠣᠷ ᠤᠯᠤᠰ ᠤᠨ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠡᠳ 25 ᠵᠢᠯ ᠪᠣᠯᠵᠤ᠂ ᠳᠠᠮᠵᠢᠭᠤᠯᠤᠭᠰᠠᠨ ᠴᠠᠬᠢᠯᠭᠠᠨ ᠤ ᠬᠡᠮᠵᠢᠶ᠎ᠡ ᠨᠢ 1993 ᠣᠨ ᠤ 22.25 ᠳ᠋ᠥᠩᠰᠢᠭᠤᠷ ᠺᠢᠯᠣᠸᠠᠲ ᠴᠠᠭ ᠠᠴᠠ 2018 ᠣᠨ ᠤ 264.11 ᠳ᠋ᠥᠩᠰᠢᠭᠤᠷ ᠺᠢᠯᠣᠸᠠᠲ ᠴᠠᠭ ᠲᠤ ᠬᠦᠷᠴᠦ᠂ ᠵᠡᠭᠦᠨᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 12 ᠳᠠᠬᠢᠨ ᠣᠷᠴᠢᠮ ᠨᠡᠮᠡᠭᠳᠡᠭᠰᠡᠨ ᠪᠠᠶᠢᠨ᠎ᠠ᠃      1993 ᠣᠨ ᠳᠤ᠂ ᠥᠪᠡᠷᠲᠡᠭᠡᠨ ᠵᠠᠰᠠᠬᠤ ᠣᠷᠣᠨ ︽ᠨᠡᠭᠦᠷᠡᠰᠦ ᠶᠢ ᠠᠭᠠᠷ ᠢᠶᠠᠷ ᠳᠠᠮᠵᠢᠭᠤᠯᠵᠤ᠂ ᠴᠠᠬᠢᠯᠭᠠᠨ ᠢ ᠪᠡᠭᠡᠵᠢᠩ ᠳᠤ ᠬᠦᠷᠭᠡᠬᠦ︾ ᠡᠨᠧᠷᠭᠢ ᠶᠢᠨ ᠰᠤᠷᠪᠤᠯᠵᠢ ᠶᠢᠨ ᠬᠥᠭᠵᠢᠭᠦᠯᠦᠯᠲᠡ ᠶᠢᠨ ᠪᠠᠶᠢᠯᠳᠤᠬᠤ ᠪᠤᠲᠤᠯᠭ᠎ᠠ ᠶᠢ ᠳᠤᠷᠠᠳᠴᠤ᠂ ᠥᠪᠥᠷ ᠮᠣᠩᠭᠤᠯ ᠤᠨ ᠬᠡᠳᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ ᠶᠢ ᠪᠠᠶᠢᠭᠤᠯᠤᠨ᠂ 500 ᠺᠢᠯᠤᠸᠣᠯᠲ ᠤᠨ ᠴᠠᠬᠢᠯᠭᠠᠨ ᠲᠣᠣᠷ ᠢ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠵᠢᠯᠯᠠᠭᠤᠯᠬᠤ᠂ ᠬᠠᠮᠠᠭᠠᠯᠠᠬᠤ ᠠᠵᠢᠯ ᠢ ᠡᠭᠦᠷᠭᠡᠯᠡᠪᠡ᠃ ᠲᠤᠰ ᠵᠢᠯ ᠤᠨ 12 ᠳ᠋ᠤᠭᠠᠷ ᠰᠠᠷ᠎ᠠ ᠳᠤ᠂ ᠹᠧᠩᠵᠧᠨ — ᠱᠠᠯᠢᠩᠽ ᠬᠦᠷᠬᠦ 500 ᠺᠢᠯᠦᠸᠦᠯᠲ ᠤᠨ ᠴᠠᠬᠢᠯᠭᠠᠨ ᠬᠦᠷᠭᠡᠬᠦ ᠱᠤᠭᠤᠮ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠠᠢ᠂ ᠥᠪᠡᠷᠲᠡᠭᠡᠨ ᠵᠠᠰᠠᠬᠤ ᠣᠷᠣᠨ ᠤ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠪᠠᠶᠢᠯᠳᠤᠬᠤ ᠪᠣᠳᠣᠯᠭ᠎ᠠ ᠵᠢᠩᠬᠢᠨᠢ ᠪᠠᠷ ᠡᠬᠢᠯᠡᠪᠡ᠃ 1995 ᠣᠨ ᠤ ᠡᠴᠦᠰ ᠪᠣᠯᠬᠤ ᠳᠤ᠂ ᠵᠡᠭᠦᠨᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 80 ᠲᠦᠮᠡᠨ ᠺᠢᠯᠣᠸᠠᠲ ᠳᠤ ᠬᠦᠷᠴᠦ᠂ ᠪᠡᠭᠡᠵᠢᠩ ᠤᠨ ︽ᠴᠠᠬᠢᠯᠭᠠᠨ ᠢᠶᠠᠨ ᠬᠠᠭᠠᠵᠤ ᠴᠠᠬᠢᠯᠭᠠᠨ ᠢ ᠬᠢᠵᠠᠭᠠᠷᠯᠠᠵᠤ ᠪᠠᠶᠢᠭᠰᠠᠨ︾ ᠶᠠᠪᠤᠳᠠᠯ ᠢ ᠲᠡᠦᠬᠡ ᠪᠣᠯᠭᠠᠪᠠ᠃      25 ᠵᠢᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠭᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ 27 ᠰᠠᠭᠤᠷᠢ 500 ᠺᠢᠯᠦᠸᠦᠯᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠦᠷᠲᠡᠭᠡ᠂ 7000 ᠰᠢᠬᠠᠮ ᠺᠢᠯᠣᠮᠧᠲᠷ ᠤᠷᠲᠤ 500 ᠺᠢᠯᠦᠸᠦᠯᠲ ᠤᠨ ᠴᠠᠬᠢᠯᠭᠠᠨ ᠬᠦᠷᠭᠡᠬᠦ ᠱᠤᠭᠤᠮ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃ ᠣᠳᠣᠬᠠᠨ ᠳᠤ᠂ ᠲᠤᠰ ᠲᠣᠪᠴᠢᠶ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠡᠴᠢᠯᠡᠯᠲᠡ ᠪᠠᠷ ᠮᠡᠷᠭᠡᠵᠢᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠤᠶᠤᠨᠲᠤ ᠲᠣᠭᠤᠷᠢᠨ ᠪᠠᠶᠢᠴᠠᠭᠠᠬᠤ ᠮᠠᠰᠢᠨ ᠬᠥᠮᠦᠨ᠂ ᠡᠭᠴᠡ ᠪᠣᠰᠬᠤ ᠨᠢᠰᠬᠡᠯ ᠢᠶᠠᠷ ᠠᠶᠠᠯᠠᠨ ᠪᠠᠶᠢᠴᠠᠭᠠᠬᠤ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ᠂ ᠬᠦᠴᠦᠳᠡᠯ ᠥᠭᠡᠷᠡᠴᠢᠯᠡᠬᠦ ᠦᠷᠲᠡᠭᠡ ᠶᠢ ᠠᠯᠤᠰ ᠠᠴᠠ ᠬᠢᠨᠠᠨ ᠪᠠᠶᠢᠴᠠᠭᠠᠨ ᠵᠠᠰᠠᠬᠤ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠥᠯ ᠵᠦᠢᠯ ᠢ ᠥᠷᠭᠡᠨ ᠢᠶᠠᠷ ᠬᠡᠷᠡᠭᠯᠡᠵᠦ᠂ ᠪᠦᠬᠦᠯᠢ ᠴᠣᠭᠴᠠ ᠶᠢᠨ ᠴᠠᠬᠢᠯᠭᠠᠨ ᠳᠠᠮᠵᠢᠭᠤᠯᠬᠤ ᠮᠡᠷᠭᠡᠵᠢᠯ ᠨᠢ ᠳᠡᠯᠡᠬᠡᠶ ᠶᠢᠨ ᠲᠡᠷᠢᠭᠦᠨ ᠤ ᠬᠢᠷᠢ ᠲᠥᠪᠰᠢᠨ ᠳᠤ ᠬᠦᠷᠦᠭᠰᠡᠨ ᠪᠠᠶᠢᠨ᠎ᠠ᠃ ᠢᠯᠠᠩᠭᠤᠶ᠎ᠠ ᠴᠠᠬᠢᠯᠭᠠᠨ ᠳᠠᠮᠵᠢᠭᠤᠯᠵᠤ ᠬᠦᠴᠦᠳᠡᠯ ᠦᠭᠡᠷᠡᠴᠢᠯᠡᠬᠦ ᠲᠥᠬᠦᠭᠡᠷᠦᠮᠵᠢ ᠳᠤ ᠡᠯᠭᠦᠭᠳᠡᠭᠰᠡᠨ ᠡᠯᠳᠡᠪ ᠤᠨ ᠪᠣᠳᠠᠰ ᠢ ᠠᠷᠢᠯᠭᠠᠬᠤ ᠲᠣᠨᠣᠭᠯᠠᠯ ᠨᠢ ᠪᠠᠰᠠ ᠤᠯᠤᠰ ᠤᠨ ᠳᠣᠲᠣᠭᠠᠳᠤ ᠶᠢᠨ ᠠᠵᠢᠯ ᠲᠥᠷᠥᠯ ᠤᠨ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃ ᠣᠳᠣᠬᠠᠨ ᠳᠤ᠂ ᠥᠪᠥᠷ ᠮᠣᠩᠭᠤᠯ ᠤᠨ ᠴᠠᠬᠢᠯᠭᠠᠨ ᠲᠣᠣᠷ ᠤᠨ 500 ᠺᠢᠯᠤᠸᠣᠯᠲ ᠤᠨ ᠭᠤᠣᠯ ᠲᠣᠣᠷ ᠨᠢ ᠶᠠᠭ ᠰᠢᠨᠵᠢᠯᠡᠬᠦ ᠤᠬᠠᠭᠠᠨᠴᠢᠯᠠᠬᠤ᠂ ᠣᠶᠤᠨᠴᠢᠯᠠᠬᠤ ᠴᠢᠭᠯᠡᠯ ᠵᠦᠭ ᠤᠯᠠᠷᠢᠵᠤ᠂ ᠴᠠᠬᠢᠯᠭᠠᠨ ᠲᠣᠣᠷ ᠤᠨ ᠪᠦᠲᠦᠭᠡᠨ ᠪᠠᠢᠭᠤᠯᠤᠯᠲᠠ ᠶᠢᠨ ᠠᠯᠬᠤᠴᠠ᠂ ᠲᠣᠣᠷᠯᠢᠭ ᠪᠦᠲᠦᠴᠡ ᠶᠢᠨ ᠰᠢᠯᠢᠳᠡᠭᠵᠢᠭᠦᠯᠦᠯᠲᠡ ᠲᠠᠰᠤᠷᠠᠯᠲᠠ ᠥᠬᠡᠶ ᠲᠦᠷᠭᠡᠳᠴᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠠᠬᠢᠯᠭᠠᠨ ᠢ ᠬᠤᠷᠠᠮᠳᠤᠭᠤᠯᠬᠤ ᠴᠢᠳᠠᠪᠤᠷᠢ ᠲᠦᠷᠭᠡᠨ ᠨᠡᠮᠡᠭᠳᠡᠵᠦ᠂ 500 ᠺᠢᠯᠦᠸᠦᠯᠲ ᠤᠨ ᠭᠤᠣᠯ ᠲᠣᠣᠷ ᠤᠨ ︽ᠳᠥᠷᠪᠡᠨ ᠬᠥᠨᠳᠡᠯᠡᠨ ᠲᠠᠪᠤᠨ ᠭᠤᠯᠳᠤ︾᠎ ᠶᠢᠨ ᠪᠦᠲᠦᠴᠡ ᠲᠡᠰᠢ ᠲᠤᠮᠤ ᠠᠯᠬᠤᠮ ᠢᠶᠠᠷ ᠤᠷᠤᠭᠰᠢᠯᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号