ᠦᠢᠷ᠎ᠠ ᠶᠢᠨ ᠡᠳᠦᠷ᠂ ᠪᠤᠭᠤᠲᠤ ᠬᠤᠳᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ | ᠶᠢᠨ ᠲᠠᠪᠴᠠᠩ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠱᠠᠭᠠᠷᠳᠠᠭᠰᠠᠨ ᠨᠢ᠂ | ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠬᠠᠮᠵᠢᠯᠴᠠᠭ᠎ᠠ ᠪᠠᠨ | ᠴᠢᠩᠭᠠᠳᠬᠠᠨ᠂ ᠠᠬᠢᠴᠠ ᠶᠢ ᠲᠦᠷᠭᠡᠳᠬᠡᠵᠤ᠂ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠰᠢᠨ᠎ᠡ ᠠᠬᠢᠴᠠ ᠲᠠᠢ | ᠪᠣᠯᠭᠠᠬᠤ ᠬᠡᠷᠡᠭᠲᠡᠢ᠃ ᠪᠤᠭᠤᠲᠤ ᠬᠤᠲᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠯᠪᠠᠨ ᠬᠡᠷ᠂ ᠲᠣᠤᠷ | ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ᠂ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠰᠠᠯᠠᠭ᠎ᠠ ᠨᠤᠭᠤᠳ ᠲᠤᠰ ᠲᠤᠰ ᠤᠨ ᠢᠶᠠᠨ | ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠢᠶᠠᠨ | ᠠᠬᠢᠭᠤᠯᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ | ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠠᠪᠴᠠᠩ ᠤᠨ | ᠪᠠᠶᠢᠭᠤᠯᠤᠯᠲᠠ ᠪᠣᠯᠤᠨ ᠬᠡᠷᠡᠭᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠳᠤ ᠶᠢᠨ ᠡᠭᠦᠯᠡᠨ ᠡᠬᠢ | ᠪᠠᠶᠠᠯᠢᠭ ᠤᠨ ᠵᠠᠷᠤᠳᠠᠯ ᠥᠷᠢᠲᠦᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠠᠵᠤ ᠠᠬᠤᠶ ᠪᠠ | ᠮᠡᠳᠡᠭᠡ ᠵᠠᠩᠬᠢᠴᠢᠯᠠᠯᠲᠠ ᠶᠢᠨ ᠵᠥᠪᠯᠡᠯ ᠤᠯᠠᠮ ᠨᠢᠭᠡ ᠠᠯᠬᠤᠮ ᠵᠢᠱᠢᠵᠦ ᠪᠤᠳᠤᠭᠰᠠᠨ ᠢᠶᠠᠷ ᠳᠠᠷᠠᠭ᠎ᠠ᠂ ᠳᠠᠷᠤᠶᠢᠬᠠᠨ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠨᠢ ᠪᠦᠲᠦᠭᠡᠨ ᠪᠠᠶᠢᠭᠤᠯᠤᠯᠲᠠ ᠶᠢᠨ ᠪᠠᠩᠬᠢ ᠯᠤᠭ᠎ᠠ ᠰᠠᠨᠠᠭᠠᠴᠢᠯᠠᠭ᠎ᠠ ᠠᠴᠠ ᠪᠠᠨ ᠵᠣᠯᠭᠠᠵᠤ᠂ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠡᠷᠲᠡᠬᠡᠨ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ | ᠤᠷᠢᠳᠴᠢᠯᠠᠨ ᠲᠥᠯᠥᠪᠵᠢᠭᠦᠯᠦᠨ᠂ ᠤᠷᠢᠳᠴᠢᠯᠠᠨ ᠠᠵᠢᠯ ᠢᠶᠠᠨ ᠥᠷᠨᠢᠭᠦᠯᠵᠦ᠂ ᠰᠣᠹᠲ ᠤᠨ ᠺᠣᠮᠫᠠᠨᠢ ᠯᠤᠭ᠎ᠠ | ᠢᠳᠡᠪᠬᠢᠲᠡᠢ ᠵᠣᠯᠭᠠᠵᠤ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠬᠤᠷᠠᠯ ᠤᠨ ᠰᠠᠨᠠᠯ ᠢ ᠦᠨᠳᠦᠰᠦᠯᠡᠨ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ ᠤᠨ ᠪᠠᠶᠢᠭᠤᠯᠤᠯᠲᠠ ᠶᠢᠨ | ᠲᠥᠰᠦᠯ ᠢ ᠤᠯᠠᠮ ᠨᠢᠭᠡ ᠠᠯᠬᠤᠮ ᠵᠠᠰᠠᠵᠤ ᠪᠦᠷᠢᠨᠰᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠰᠠᠨᠠᠯ ᠢ ᠠᠪᠤᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠲᠤᠰᠢᠶᠠᠵᠤ ᠳᠠᠷᠤᠮᠠᠯᠯᠠᠨ ᠲᠠᠷᠬᠠᠭᠠᠯᠭᠠᠬᠤ | ᠬᠡᠷᠡᠭᠲᠡᠢ ᠭᠡᠪᠡ᠃ | ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠶᠡᠭᠡ ᠲᠠᠩᠬᠢᠮ ᠨᠢ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠦᠢᠯᠡᠴᠢᠯᠡᠭᠡᠨ ᠤ ᠲᠤᠰᠬᠠᠶ ᠲᠣᠭᠤᠷᠢᠭ ᠲᠤ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ | ᠬᠦᠯᠢᠶᠡᠨ ᠠᠪᠴᠤ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ ᠪᠣᠢ᠃ ᠤᠯᠤᠰ᠂ ᠥᠪᠡᠷᠲᠡᠭᠡᠨ | ᠵᠠᠰᠠᠬᠤ ᠣᠷᠣᠨ ᠬᠢᠭᠡᠳ ᠬᠤᠲᠠ ᠶᠢᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠵᠠᠰᠠᠭ ᠤᠨ | ᠶᠠᠪᠤᠳᠠᠯ ᠤᠨ ᠲᠢᠩᠬᠢᠮ ᠤᠨ ᠤᠳᠤ ᠪᠠᠶᠢᠭ᠎ᠠ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠬᠦᠯᠢᠶᠡᠨ ᠠᠪᠬᠤ | ᠳᠠᠩᠰᠠᠯᠠᠬᠤ ᠥᠭᠡᠷᠡᠴᠢᠯᠡᠯᠲᠡ ᠵᠢᠴᠢ ᠡᠯ᠎ᠡ ᠭᠠᠵᠠᠷ ᠤᠨ ᠲᠡᠷᠢᠭᠦᠨ ᠤ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ | ᠳᠡᠭᠡᠷ᠎ᠡ᠂ ︽ᠬᠢᠯᠪᠠᠷ ᠠᠴᠠ ᠬᠦᠴᠢᠷ ᠲᠡᠰᠢ᠂ ᠠᠯᠬᠤᠮ ᠠᠯᠬᠤᠮ ᠢᠶᠠᠷ ᠠᠬᠢᠭᠤᠯᠬᠤ︾ ᠵᠠᠷᠴᠢᠮ ᠢᠶᠠᠷ᠂ ᠰᠠᠯᠠᠭ᠎ᠠ | ᠮᠥᠴᠢᠷ ᠤᠳ ᠤᠨ ᠬᠤᠭᠤᠷᠣᠨᠳᠣᠬᠢ ᠵᠠᠭᠠᠭ ᠬᠢᠵᠠᠭᠠᠷ᠂ ᠪᠡᠶ᠎ᠡ ᠶᠢᠨ ᠭᠠᠷᠤᠯ ᠤᠨ ᠵᠠᠭᠠᠭ ᠬᠢᠵᠠᠭᠠᠷ᠂ ᠠᠵᠢᠯ | ᠲᠦᠷᠦᠯ ᠤᠨ ᠬᠤᠭᠤᠷᠣᠨᠳᠣᠬᠢ ᠵᠠᠭᠠᠭ ᠬᠢᠵᠠᠭᠠᠷ ᠢ ᠡᠪᠳᠡᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠶᠡᠷᠦᠩᠬᠡᠶᠢᠯᠡᠨ ᠬᠦᠯᠢᠶᠡᠨ ᠠᠪᠴᠤ ᠭᠦᠢᠴᠡᠳᠬᠡᠬᠦ ᠴᠣᠩᠬᠤᠪᠴᠢ ᠲᠣᠬᠢᠷᠠᠭᠤᠯᠤᠨ᠂ ᠠᠵᠤ ᠦᠢᠯᠡᠳᠪᠦᠷᠢ | ᠬᠤᠳᠠᠯᠳᠤᠭᠠᠨ ᠤ ᠳᠠᠩᠰᠠᠯᠠᠯᠲᠠ᠂ ᠢᠳᠡᠭᠡᠨ ᠪᠣᠯᠣᠨ ᠡᠮ ᠤᠨ ᠵᠦᠢᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠵᠡᠷᠭᠡ ᠵᠦᠢᠯᠡᠰ ᠢ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠵᠦ ᠪᠠᠶᠢᠨ᠎ᠠ᠃ ᠶᠡᠷᠦᠩᠬᠡᠶᠢᠯᠡᠨ ᠬᠦᠯᠢᠶᠡᠨ | ᠠᠪᠴᠤ ᠭᠦᠢᠴᠡᠳᠬᠡᠬᠦ ᠴᠤᠩᠬᠤᠪᠴᠢ ᠨᠢ ︽ᠨᠢᠭᠡᠯᠡ ᠤᠳᠠᠭ᠎ᠠ ᠳᠤ ᠮᠡᠳᠡᠭᠳᠡᠵᠦ᠂ ᠨᠠᠷᠢᠨ ᠬᠠᠭᠤᠳᠠᠰᠤ ᠶᠢ ᠭᠥᠯᠢᠶᠡᠨ | ᠠᠪᠴᠤ ᠭᠦᠢᠴᠡᠳᠬᠡᠬᠦ︾᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ︽ᠳᠣᠲᠣᠭᠠᠳᠤ ᠳᠤ ᠪᠠᠨ ᠡᠷᠭᠢᠯᠳᠦᠭᠦᠯᠵᠦ᠂ | ᠬᠤᠭᠤᠴᠠᠭ᠎ᠠ ᠲᠣᠭᠲᠠᠭᠠᠨ ᠬᠢᠨᠠᠨ ᠵᠥᠪᠰᠢᠶᠡᠷᠡᠬᠦ︾ ᠶᠢ ᠬᠡᠷᠡᠭᠵᠢᠭᠦᠯᠦᠨ᠂ ︽ᠬᠦᠯᠢᠶᠡᠨ ᠠᠪᠴᠤ ᠭᠦᠢᠴᠡᠳᠬᠡᠬᠦ︾ | ᠪᠠ ︽ᠬᠢᠨᠠᠨ ᠵᠥᠪᠰᠢᠶᠡᠷᠡᠬᠦ︾ ᠶᠢ ᠬᠠᠷᠢᠴᠠᠩᠭᠤᠶ ᠪᠠᠷ ᠰᠠᠯᠭᠠᠵᠤ᠂ ᠴᠣᠩᠬᠤᠪᠴᠢ ᠶᠢᠨ ᠬᠦᠯᠢᠶᠡᠨ ᠠᠪᠴᠤ | ᠭᠦᠢᠴᠡᠳᠬᠡᠬᠦ ᠬᠦᠷᠢᠶ᠎ᠡ ᠬᠡᠪᠴᠢᠶ᠎ᠡ᠂ ᠠᠵᠢᠯ ᠤᠨ ᠦᠷ᠎ᠡ ᠪᠦᠲᠦᠮᠵᠢ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ |