2018 ᠤᠨ ᠳᠤ ᠤᠯᠠᠭᠠᠨᠴᠠᠪ ᠬᠤᠳᠠ ᠥᠨᠳᠥᠷ ᠨᠠᠰᠤᠨ ᠤ ᠨᠦᠬᠦᠪᠦᠷᠢ ᠮᠥᠩᠭᠦ ᠨᠡᠶᠢᠲᠡ 8834 | ᠲᠦᠮᠡᠨ ᠲᠥᠭᠦᠷᠢᠭ ᠲᠠᠷᠬᠠᠭᠠᠵᠤ᠂ ᠪᠦᠬᠦ ᠬᠤᠲᠠ ᠶᠢᠨ ᠪᠦᠬᠦᠯᠢ 80 ᠨᠠᠰᠤᠨ ᠠᠴᠠ ᠳᠡᠭᠡᠭᠰᠢᠬᠢ 71829 | ᠨᠠᠰᠤᠲᠠᠶᠢᠴᠤᠳ ᠲᠤ ᠠᠰᠢᠭ ᠬᠦᠷᠲᠡᠭᠡᠪᠡ᠂ ᠡᠭᠦᠨ ᠳᠤ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ 6932 | ᠬᠦᠮᠦᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 6644 ᠬᠥᠮᠦᠨ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ 5385 ᠬᠥᠮᠦᠨ᠂ ᠳᠥᠷᠪᠡᠳ ᠬᠤᠰᠢᠭᠤᠨ ᠤ 4519 ᠬᠥᠮᠦᠨ᠂ ᠵᠢᠨᠢᠩ | ᠲᠣᠭᠤᠷᠢᠭ ᠤᠨ 9071 ᠬᠥᠮᠦᠨ᠂ ᠹᠧᠩᠵᠧᠨ ᠬᠤᠲᠠ ᠶᠢᠨ 8256 ᠬᠥᠮᠦᠨ᠂ ᠰᠢᠩ ᠡᡁᠧ ᠰᠢᠶᠠᠨ ᠤ 6760 | ᠬᠥᠮᠦᠨ᠂ ᠯᠢᠶᠠᠩᠴᠧᠩ ᠰᠢᠶᠠᠨ ᠤ 6322 ᠬᠥᠮᠦᠨ᠂ ᠵᠦᠸᠧᠽᠢ ᠰᠢᠶᠠᠨ ᠤ 6075 ᠬᠦᠮᠦᠨ᠂ ᠱᠠᠩᠳᠤ | ᠰᠢᠶᠠᠨ ᠤ 7214 ᠬᠦᠮᠦᠨ᠂ ᠬᠤᠸᠠᠳᠧ ᠰᠢᠶᠠᠨ ᠤ 4651 ᠬᠥᠮᠦᠨ ᠪᠠᠶᠢᠨ᠎ᠠ᠃ | ᠡᠭᠦᠨ ᠤ ᠬᠠᠮᠲᠤ᠂ ᠥᠨᠳᠥᠷ ᠨᠠᠰᠤᠨ ᠤ ᠨᠦᠬᠦᠪᠦᠷᠢ ᠶᠢ ᠴᠠᠭ ᠲᠤᠬᠠᠶ ᠳᠤ ᠨᠢ ᠣᠨᠣᠪᠴᠢᠲᠠᠶ ᠣᠯᠭᠤᠬᠤ ᠶᠢ | ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠨᠠᠰᠤᠲᠠᠶᠢᠴᠤᠳ ᠤᠨ ᠠᠵᠢᠯ ᠤᠨ ᠠᠯᠪᠠᠨ ᠭᠡᠷ ᠴᠠᠭ ᠲᠤᠬᠠᠶ | ᠳᠤ ᠨᠢ ᠮᠡᠳᠡᠭᠳᠡᠯ ᠪᠠᠭᠤᠯᠭᠠᠵᠤ᠂ ᠡᠯ᠎ᠡ ᠵᠡᠭᠡᠯᠢ ᠭᠤᠳᠤᠮᠵᠢ ᠶᠢᠨ ᠨᠡᠶᠢᠭᠡᠮ ᠲᠤᠭᠤᠷᠢᠭ ᠢ ᠵᠢᠯᠤᠭᠤᠳᠤᠨ ᠱᠠᠭᠠᠷᠳᠠᠯᠭ᠎ᠠ | ᠶᠣᠰᠣᠭᠠᠷ ᠳᠡᠭᠡᠭᠰᠢ ᠮᠡᠳᠡᠭᠦᠯᠬᠦ ᠬᠦᠮᠦᠨ ᠢ ᠪᠦᠷᠢᠳᠬᠡᠭᠰᠡᠨ ᠤ ᠬᠠᠮᠲᠤ ᠵᠠᠷᠯᠠᠨ ᠮᠡᠳᠡᠭᠳᠡᠬᠦ ᠠᠵᠢᠯ ᠢ ᠰᠠᠶᠢᠲᠤᠷ ᠬᠢᠵᠦ᠂ | ᠬᠥᠮᠦᠰ ᠤᠨ ᠮᠡᠳᠡᠭᠡ ᠵᠠᠩᠭᠢ ᠨᠢ ᠣᠨᠣᠪᠴᠢᠲᠠᠶ᠂ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠨᠢ ᠦᠨᠡᠨ ᠪᠣᠳᠠᠲᠠᠶ | ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠠᠢ᠃ ᠡᠯ᠎ᠡ ᠨᠡᠶᠢᠭᠡᠮ ᠲᠣᠭᠤᠷᠢᠭ ᠤᠨ ᠬᠢᠨ ᠪᠠᠶᠢᠴᠠᠭᠠᠨ | ᠰᠤᠳᠤᠯᠤᠯᠲᠠ ᠬᠢᠬᠦ᠂ ᠰᠤᠷᠪᠤᠯᠵᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠤᠯᠠᠨ ᠲᠦᠮᠡᠨ ᠳᠤ ᠥᠨᠳᠥᠷ | ᠨᠠᠰᠤᠨ ᠤ ᠨᠦᠬᠦᠪᠦᠷᠢ ᠮᠦᠩᠭᠦ ᠭᠤᠶᠤᠴᠢᠯᠠᠬᠤ ᠳᠡᠰ ᠳᠠᠷᠠᠭ᠎ᠠ ᠬᠢᠭᠡᠳ ᠪᠠᠷᠢᠮᠵᠢᠶ᠎ᠠ ᠶᠢ ᠤᠬᠠᠭᠤᠯᠵᠤ᠂ ᠥᠨᠳᠥᠷ | ᠨᠠᠰᠤᠨ ᠤ ᠨᠦᠬᠦᠪᠦᠷᠢ ᠮᠦᠩᠭᠦ ᠤᠯᠭᠤᠬᠤ ᠲᠥᠷᠥ ᠶᠢᠨ ᠪᠤᠳᠤᠯᠭ᠎ᠠ ᠶᠢ ᠡᠷᠥᠭᠡ ᠪᠤᠯᠭᠠᠨ ᠳᠤ ᠮᠡᠳᠡᠭᠦᠯᠬᠦ ᠶᠢ ᠦᠨᠡᠨ | ᠬᠦ ᠪᠠᠲᠤᠯᠠᠪᠠ᠃ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠨ ᠳᠤ᠂ ᠡᠯ᠎ᠡ ᠨᠡᠶᠢᠭᠡᠮ ᠲᠣᠭᠤᠷᠢᠭ ᠤᠨ | ᠠᠵᠢᠯᠲᠠᠨ ᠪᠠᠰᠠ ᠡᠷᠦᠬᠡ ᠳᠤ ᠨᠢ ᠤᠴᠢᠬᠤ ᠠᠷᠭ᠎ᠠ ᠬᠡᠯᠪᠡᠷᠢ ᠪᠠᠷ ᠪᠠᠶᠢᠴᠠᠭᠠᠯᠲᠠ ᠬᠢᠵᠦ᠂ ᠭᠤᠶᠤᠴᠢᠯᠠᠭᠴᠢ ᠶᠢᠨ | ᠳᠡᠪᠰᠢᠭᠦᠯᠦᠭᠰᠡᠨ ᠡᠯ᠎ᠡ ᠵᠦᠢᠯ ᠤᠨ ᠭᠤᠶᠤᠴᠢᠯᠠᠬᠤ ᠪᠢᠴᠢᠭ ᠮᠠᠲ᠋ᠧᠷᠢᠶᠠᠯ ᠢ ᠠᠩᠬ᠎ᠠ ᠠᠯᠬᠤᠮ ᠬᠢᠨᠠᠨ ᠬᠠᠷᠭᠤᠭᠤᠯᠵᠤ᠂ | ᠥᠨᠳᠥᠷ ᠨᠠᠰᠤᠨ ᠤ ᠨᠦᠬᠦᠪᠦᠷᠢ ᠮᠦᠩᠭᠦ ᠭᠤᠶᠤᠴᠢᠯᠠᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ᠂ | ᠨᠠᠰᠤᠲᠠᠶᠢᠴᠤᠳ ᠢ ᠥᠲᠡᠯᠦᠭᠡ ᠨᠠᠰᠤ ᠪᠠᠨ ᠨᠡᠩ ᠢᠯᠡᠭᠦᠦ ᠵᠣᠯ ᠵᠢᠷᠭᠠᠯ ᠲᠠᠢ ᠦᠩᠭᠡᠷᠡᠭᠦᠯᠬᠦ ᠪᠤᠯᠭᠠᠵᠠᠢ᠃ |