1 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠵᠤ | ᠦᠢᠯᠡᠰ ᠢᠶᠠᠷ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠳᠡᠳᠭᠦᠭᠦ ᠳᠤᠰᠬᠠᠢ ᠠᠵᠢᠯᠯᠠᠬᠤ ᠳᠤᠭᠤᠶᠢᠯᠠᠩ 2019 | ᠤᠨ ᠤ ᠠᠩᠬᠠᠳᠤᠭᠠᠷ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ ᠤ ᠦᠩᠬᠡᠷᠡᠭᠰᠡᠨ ᠨᠢᠭᠡ ᠵᠢᠯ ᠤᠨ ᠠᠵᠤ | ᠦᠢᠯᠡᠰ ᠢᠶᠠᠷ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠭᠰᠡᠨ ᠠᠵᠢᠯ ᠢᠶᠠᠨ ᠳ᠋ᠦᠩᠨᠡᠵᠤ᠂ ᠡᠨᠡ ᠵᠢᠯ ᠤᠨ | ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠠᠵᠢᠯ ᠢᠶᠠᠨ ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ | ᠤᠷᠤᠨ ᠤ ᠪᠠᠶᠢᠩᠭᠤ ᠶᠢᠨ ᠳᠡᠳ᠋ ᠳᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠬᠢᠯᠡᠨ ᠶᠠᠷᠢᠶ᠎ᠠ ᠳᠠᠯᠪᠢᠵᠤ᠂ | ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠯᠢ ᠪᠢᠩ ᠷᠦᠩ ᠬᠤᠷᠠᠯ ᠳᠤ ᠤᠷᠤᠯᠴᠠᠨ ᠶᠠᠷᠢᠶ᠎ᠠ | ᠳᠠᠯᠪᠢᠵᠠᠢ᠃ | ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ | ᠲᠡᠳᠬᠦᠬᠦ ᠠᠵᠢᠯ ᠤᠨ ᠲᠤᠬᠠᠢ ᠴᠢᠬᠤᠯᠠ ᠥᠭᠦᠯᠡᠮᠵᠢ ᠶᠢ ᠬᠢᠨᠠᠮᠠᠭᠠᠢ ᠰᠤᠷᠤᠯᠴᠠᠨ ᠡᠵᠡᠮᠰᠢᠵᠦ᠂ ᠶᠡᠷᠦᠩᠬᠡᠢ ᠱᠦᠵᠢ | ᠰᠢ ᠶᠢᠨ ᠫᠢᠩ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠠᠵᠤ ᠦᠢᠯᠡᠰ ᠢ ᠬᠥᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠶᠢᠨ ᠦᠨᠳᠦᠰᠦᠨ ᠠᠷᠭ᠎ᠠ | ᠪᠤᠳᠤᠯᠭ᠎ᠠ ᠪᠣᠯᠭᠠᠨ᠂ ᠭᠠᠵᠠᠷ ᠣᠷᠣᠨ ᠤ ᠣᠨᠴᠠᠯᠢᠭ ᠢᠶᠠᠨ ᠦᠨᠳᠦᠰᠦᠯᠡᠨ ᠠᠵᠤ ᠦᠢᠯᠡᠰ ᠢ ᠪᠤᠶᠢᠵᠢᠭᠤᠯᠬᠤ ᠶᠢ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠨᠳᠦᠰᠦᠨ ᠭᠠᠷᠬᠤ ᠵᠠᠮ ᠪᠤᠯᠭᠠᠵᠤ᠂ ᠨᠢᠭᠡᠳᠦᠯᠲᠡᠶ | ᠲᠥᠯᠥᠪᠵᠢᠭᠦᠯᠦᠨ ᠠᠷᠭ᠎ᠠ ᠤᠬᠠᠭᠠᠨ ᠰᠦᠪᠡᠭᠴᠢᠯᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ | ᠪᠦᠬᠦᠯᠢ ᠴᠣᠭᠴᠠ ᠪᠠᠷ ᠠᠬᠢᠭᠤᠯᠬᠤ ᠬᠡᠷᠡᠭᠳᠠᠢ᠃ ᠲᠥᠪ ᠤᠨ ᠶᠠᠳᠠᠭᠤ ᠶᠢ ᠲᠡᠳᠬᠦᠬᠦ ᠲᠤᠰᠬᠠᠢ ᠲᠣᠭᠤᠷᠢᠨ | ᠪᠠᠶᠢᠴᠠᠭᠠᠯᠲᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠯᠳᠠ ᠠᠴᠠ ᠬᠠᠷᠢᠭᠤ | ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠬᠠᠷᠭᠤᠭᠤᠯᠵᠤ᠂ ᠠᠵᠢᠯ ᠤᠨ ᠬᠠᠷᠢᠭᠤᠴᠠᠯᠭ᠎ᠠ ᠪᠠᠨ | ᠴᠢᠨᠠᠭᠰᠢᠳᠠ ᠲᠣᠳᠣᠷᠬᠠᠶᠢᠯᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ | ᠬᠡᠮᠵᠢᠶ᠎ᠡ ᠪᠠᠨ ᠴᠢᠩᠭᠠᠳᠬᠠᠨ᠂ ᠠᠵᠢᠯ ᠤᠨ ᠨᠡᠶᠢᠯᠡᠯ ᠬᠦᠴᠦᠨ ᠢ ᠪᠣᠶ ᠪᠣᠯᠭᠠᠵᠤ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠳᠠᠢ | ᠭᠡᠵᠡᠢ᠃ | ᠯᠢ ᠪᠢᠩ ᠷᠦᠩ ᠵᠢᠭᠠᠭᠰᠠᠨ ᠨᠢ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠭᠤᠣᠯᠯᠠᠬᠤ ᠪᠠᠶᠢᠷᠢᠨ ᠳᠤ ᠲᠠᠯᠪᠢᠵᠤ᠂ ᠪᠣᠳᠠᠲᠠᠢ ᠰᠠᠶᠢᠲᠤᠷ ᠠᠳᠬᠤᠬᠤ | ᠬᠡᠷᠡᠭᠲᠡᠶ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ | ᠵᠠᠳᠠᠯᠤᠨ ᠰᠢᠨᠵᠢᠯᠡᠵᠦ᠂ ᠰᠢᠶᠳᠪᠦᠷᠢᠯᠡᠬᠦ ᠠᠷᠭ᠎ᠠ ᠶᠢ ᠰᠤᠳᠤᠯᠬᠤ ᠬᠡᠷᠡᠭᠳᠠᠢ᠃ ᠶᠠᠳᠠᠭᠤ ᠶᠢ ᠲᠡᠳᠬᠦᠬᠦ ᠨᠡᠭᠡᠭᠡᠯᠳᠡ ᠶᠢᠨ | ᠠᠵᠢᠯ ᠤᠨ ᠲᠤᠶᠢᠯ ᠤᠨ ᠤᠨᠤᠪᠴᠢᠲᠤ ᠪᠠᠶᠢᠳᠠᠯ ᠢ ᠤᠶᠢᠯᠠᠭᠠᠬᠤ ᠮᠡᠳᠡᠭᠡ ᠵᠠᠩᠭᠢ ᠶᠢᠨ ᠲᠣᠭᠲᠠᠴᠠ ᠶᠢ ᠪᠠᠶᠢᠭᠤᠯᠵᠤ᠂ | ᠪᠠᠶᠢᠳᠠᠯ ᠢ ᠲᠣᠳᠣᠷᠬᠠᠶ ᠤᠶᠢᠯᠠᠭᠠᠵᠤ᠂ ᠤᠴᠢᠷ ᠰᠢᠯᠲᠠᠭᠠᠨ ᠨᠢ ᠲᠣᠳᠣᠷᠬᠠᠶ ᠮᠡᠳᠡᠬᠦ ᠬᠡᠷᠡᠭᠲᠡᠶ᠃ ᠲᠤᠶᠢᠯ ᠤᠨ | ᠤᠨᠤᠪᠴᠢᠲᠠᠢ ᠠᠷᠭ᠎ᠠ ᠪᠤᠳᠤᠯᠭ᠎ᠠ ᠬᠡᠷᠡᠭᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠡᠯ᠎ᠡ ᠭᠤᠭᠴᠤᠭ᠎ᠠ ᠲᠠᠬᠢ | ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠨᠡᠶᠢᠯᠡᠯ | ᠬᠦᠴᠦᠨ ᠢ ᠪᠦᠷᠢᠯᠳᠦᠭᠦᠯᠬᠦ ᠬᠡᠷᠡᠭᠳᠠᠢ ᠭᠡᠵᠡᠢ᠃ |