2018 ᠣᠨ ᠳᠤ᠂ ᠬᠥᠯᠥᠨ ᠪᠤᠶᠢᠷ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ | ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ | ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠪᠥᠬᠦ ᠬᠤᠲᠠ ᠶᠢᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠶᠢᠨ ᠮᠥᠩᠭᠦ ᠶᠢ ᠲᠣᠬᠢᠷᠠᠭᠤᠯᠬᠤ ᠳᠤ 28.22 ᠲᠦᠮᠡᠨ | ᠬᠥᠮᠦᠨ ᠣᠷᠣᠯᠴᠠᠵᠤ᠂ ᠰᠠᠷ᠎ᠠ ᠪᠦᠷᠢ ᠬᠥᠮᠦᠨ ᠳᠤᠮᠳᠠᠴᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ 135 | ᠲᠥᠭᠦᠷᠢᠭ ᠨᠡᠮᠡᠭᠳᠡᠪᠡ᠃ ᠲᠣᠬᠢᠷᠠᠭᠤᠯᠭ᠎ᠠ ᠳᠤ ᠣᠷᠣᠯᠴᠠᠭᠰᠠᠨ ᠨᠠᠰᠤᠨ ᠤ ᠠᠮᠠᠷᠠᠯᠲᠠ ᠠᠪᠤᠭᠰᠠᠳ ᠤᠨ ᠬᠥᠮᠦᠨ | ᠳᠤᠮᠳᠠᠴᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠤᠤᠯ ᠳᠤ ᠪᠠᠨ 2118 ᠲᠦᠬᠦᠷᠢᠭ | ᠪᠠᠶᠢᠭᠰᠠᠨ ᠠᠴᠠ ᠪᠠᠨ 2253 ᠲᠥᠭᠦᠷᠢᠭ ᠪᠣᠯᠵᠤ ᠨᠡᠮᠡᠭᠳᠡᠭᠰᠡᠨ ᠪᠠᠶᠢᠨ᠎ᠠ᠃ ᠡᠯ᠎ᠡ ᠭᠠᠵᠠᠷ ᠤᠨ ᠪᠡᠯᠡᠳᠬᠡᠯ | ᠬᠤᠭᠤᠴᠠᠭᠠᠨ ᠤ ᠠᠬᠢᠴᠠ ᠶᠢᠨ ᠬᠡᠮᠵᠢᠶ᠎ᠡ ᠪᠣᠯᠣᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ | ᠬᠢᠵᠠᠭᠠᠷᠯᠠᠯ ᠠᠴᠠ ᠪᠣᠯᠣᠭᠠᠳ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠠᠰᠤᠨ ᠤ ᠠᠮᠠᠷᠠᠯᠲᠠ ᠠᠪᠤᠭᠰᠠᠳ ᠤᠨ ᠰᠠᠭᠤᠷᠢ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠠᠵᠢᠯ ᠢ ᠤᠷᠢᠳᠴᠢᠯᠠᠨ ᠲᠣᠬᠢᠷᠠᠭᠤᠯᠬᠤ ᠪᠠ ᠣᠨᠣᠪᠴᠢᠲᠠᠢ | ᠲᠣᠬᠢᠷᠠᠭᠤᠯᠵᠤ᠂ ᠣᠳᠣᠬᠠᠨ ᠳᠤ ᠪᠦᠬᠦᠨ ᠢ ᠨᠢ ᠬᠥᠮᠥᠨ ᠪᠦᠷᠢ ᠳᠤ ᠨᠢ ᠣᠯᠭᠤᠪᠠ᠃ ᠬᠥᠯᠥᠨ ᠪᠤᠶᠢᠷ ᠬᠤᠲᠠ ᠶᠢᠨ | ᠬᠥᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠯᠤᠰ᠂ ᠥᠪᠡᠷᠲᠡᠭᠡᠨ | ᠵᠠᠰᠠᠬᠤ ᠣᠷᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠵᠡᠢ᠃ 2017 ᠣᠨ ᠳᠤ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ | 20 ᠲᠥᠭᠦᠷᠢᠭ ᠨᠡᠮᠡᠭᠳᠡᠭᠦᠯᠦᠨ᠂ 2018 ᠣᠨ ᠳᠤ ᠳᠠᠬᠢᠨᠲᠠ 18 ᠲᠥᠭᠦᠷᠢᠭ ᠨᠡᠮᠡᠭᠳᠡᠭᠦᠯᠪᠡ᠂ ᠣᠲᠣ ᠪᠣᠯᠲᠠᠯ᠎ᠠ᠂ | ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠮᠤᠭ ᠤᠨ ᠳᠣᠣᠷ᠎ᠠ ᠲᠦᠪᠰᠢᠨ ᠨᠢ ᠪᠦᠷ 128 ᠲᠥᠭᠦᠷᠢᠭ ᠲᠤ ᠬᠦᠷᠴᠡᠶ᠃ | | |