ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019/1/7
                              ᠥᠪᠥᠷ ᠵᠠᠰᠠᠭ ᠲᠠᠷᠬᠠᠭᠠᠭᠰᠠᠨ ﹇2018﹈ 38 ᠳ᠋ᠤᠭᠠᠷ ᠲᠤᠭᠠᠳᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2018﹈ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠡᠳᠦᠭᠡ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠪᠠᠷ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢᠨ ᠪᠠᠶᠢᠯᠳᠤᠬᠤ ᠪᠣᠳᠣᠯᠭ᠎ᠠ ᠪᠣᠯᠣᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠪᠠᠷᠢᠮᠵᠢᠶ᠎ᠠ ᠪᠣᠯᠣᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠨᠢᠭᠡᠳᠦᠯᠲᠡᠢ ᠬᠠᠮᠢᠶᠠᠷᠤᠭᠰᠠᠨ᠂ ᠬᠠᠮᠲᠤ ᠪᠠᠷ ᠬᠡᠷᠡᠭᠵᠢᠭᠦᠯᠦᠭᠰᠡᠨ᠂ ᠡᠷᠬᠡ ᠰᠦᠷᠲᠡᠢ ᠪᠥᠭᠡᠳ ᠨᠡᠶᠢᠲᠡ ᠳᠤ ᠢᠲᠡᠭᠡᠮᠵᠢᠲᠡᠢ᠂ ᠨᠡᠶᠢᠳᠡᠮ ᠬᠡᠷᠡᠭᠯᠡᠭᠳᠡᠨ ᠮᠡᠳᠡᠷᠡᠭᠳᠡᠬᠦ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠠᠵᠢᠯ ᠲᠥᠷᠥᠯ ᠤᠨ ᠬᠥᠭᠵᠢᠯᠲᠡ ᠪᠣᠯᠣᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠦᠢᠯᠡᠳᠬᠦᠨ᠂ ᠢᠨᠵᠧᠨᠧᠷᠢᠩ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ      — ᠵᠠᠬ᠎ᠠ ᠳᠡᠯᠭᠡᠭᠦᠷ ᠢᠶᠠᠷ ᠭᠤᠣᠯ ᠤᠳᠤᠷᠢᠳᠤᠮᠵᠢ ᠪᠣᠯᠭᠠᠨ᠂ ᠵᠠᠰᠠᠭ ᠤᠨ ᠣᠷᠳᠣᠨ ᠬᠥᠲᠥᠯᠥᠨ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠨ᠎ᠠ᠃ ᠵᠠᠰᠠᠭ ᠤᠨ ᠣᠷᠳᠣᠨ ᠤ ᠲᠥᠯᠥᠪᠵᠢᠭᠦᠯᠵᠦ ᠬᠥᠲᠥᠯᠥᠨ ᠵᠢᠯᠣᠭᠤᠳᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠬᠢᠨᠠᠨ ᠬᠠᠮᠢᠶᠠᠷᠴᠤ ᠦᠢᠯᠡᠴᠢᠯᠡᠬᠦ ᠵᠡᠷᠭᠡ ᠦᠢᠯᠡᠳᠦᠯ ᠢ ᠴᠢᠩᠭᠠᠷᠠᠭᠤᠯᠤᠨ᠂ ᠶᠠᠰᠤ ᠴᠢᠨᠠᠷ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠨ᠎ᠠ᠃      — ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠡᠭᠦᠳᠦᠯᠲᠡ ᠲᠠᠢ ᠬᠥᠭᠵᠢᠭᠦᠯᠦᠨ᠎ᠡ᠃ ᠶᠠᠰᠤ ᠴᠢᠨᠠᠷ ᠤᠨ ᠭᠡᠷᠡᠴᠢᠯᠡᠭᠡ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯᠣᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠠᠰᠤ ᠴᠢᠨᠠᠷ ᠤᠨ ᠬᠥᠭᠵᠢᠯᠲᠡ ᠶᠢᠨ ᠲᠣᠭᠲᠠᠴᠠ ᠳᠤ ᠰᠢᠨ᠎ᠡ ᠶᠢ ᠡᠭᠦᠳᠦᠨ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠦᠳᠡᠯᠭᠡᠭᠴᠢ ᠴᠢᠳᠠᠪᠤᠷᠢ ᠶᠢ ᠨᠢ ᠤᠷᠮᠠᠰᠢᠭᠤᠯᠤᠨ ᠬᠥᠭᠵᠢᠭᠡᠨ᠎ᠡ᠃      — ᠤᠷᠮᠠᠰᠢᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠦᠨ᠂ ᠣᠯᠠᠨ ᠡᠰᠢᠵᠢᠭᠦᠯᠦᠨ ᠬᠠᠮᠲᠤ ᠪᠠᠷ ᠵᠠᠰᠠᠨ᠎ᠠ᠃ ᠬᠥᠲᠥᠯᠥᠨ ᠵᠢᠯᠣᠭᠤᠳᠬᠤ ᠪᠠ ᠠᠯᠪᠠᠳᠠᠬᠤ ᠶᠢᠨ ᠤᠶᠠᠯᠳᠤᠯ ᠢ ᠪᠠᠷᠢᠮᠲᠠᠯᠠᠨ᠂ ᠰᠠᠶᠢᠨ ᠳᠤᠷ᠎ᠠ ᠠᠴᠠ ᠪᠠᠨ ᠥᠷᠨᠢᠭᠦᠯᠬᠦ ᠪᠠᠷ ᠭᠤᠣᠯᠯᠠᠭᠤᠯᠵᠤ᠂ ᠠᠯᠪᠠᠳᠠᠨ ᠬᠡᠷᠡᠭᠵᠢᠭᠦᠯᠬᠦ ᠪᠠᠷ ᠲᠤᠰᠠᠯᠠᠭᠤᠯᠤᠨ᠂ ᠠᠮᠤᠷ ᠲᠦᠪᠰᠢᠨ᠂ ᠡᠷᠡᠭᠦᠯ ᠮᠡᠨᠳᠦ᠂ ᠣᠷᠴᠢᠨ ᠲᠣᠭᠤᠷᠢᠨ ᠵᠡᠷᠭᠡ ᠲᠠᠯ᠎ᠠ ᠳᠤ ᠬᠤᠯᠪᠣᠭᠳᠠᠭᠰᠠᠨ ᠦᠢᠯᠡᠳᠬᠦᠨ ᠳᠤ ᠠᠯᠪᠠᠳᠠᠯᠭ᠎ᠠ ᠶᠢᠨ ᠴᠢᠨᠠᠷᠲᠠᠢ ᠪᠠᠷ ᠭᠡᠷᠡᠴᠢᠯᠡᠭᠡ ᠬᠢᠬᠦ ᠶᠢ ᠬᠠᠤᠯᠢ ᠶᠣᠰᠣᠭᠠᠷ ᠬᠡᠷᠡᠭᠵᠢᠭᠦᠯᠵᠦ᠂ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠰᠠᠶᠢᠨ ᠳᠤᠷ᠎ᠠ ᠠᠴᠠ ᠪᠠᠨ ᠭᠡᠷᠡᠴᠢᠯᠡᠭᠡ ᠬᠢᠯᠭᠡᠬᠦ ᠳᠤ ᠣᠷᠣᠯᠴᠠᠭᠤᠯᠤᠨ᠂ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠶᠠᠰᠤ ᠴᠢᠨᠠᠷ ᠢ ᠬᠠᠮᠲᠤ ᠪᠠᠷ ᠵᠠᠰᠠᠬᠤ ᠶᠢ ᠥᠷᠨᠢᠭᠦᠯᠦᠨ᠂ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠳᠤ ᠪᠠᠨ ᠬᠦᠷᠲᠡᠬᠦ ᠪᠣᠯᠭᠠᠨ᠎ᠠ᠃      — ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠭᠤᠯᠤᠨ ᠳᠠᠪᠰᠢᠭᠤᠯᠵᠤ᠂ ᠰᠠᠭᠤᠷᠢ ᠶᠢ ᠨᠢ ᠪᠠᠲᠤᠳᠬᠠᠨ ᠦᠨᠳᠦᠰᠦ ᠠᠴᠠ ᠨᠢ ᠪᠠᠬᠢᠵᠢᠭᠦᠯᠦᠨ᠎ᠡ᠃ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠬᠢᠭᠤᠯᠤᠨ᠂ ᠭᠡᠷᠡᠴᠢᠯᠡᠭᠡ ᠶᠢ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠴᠢᠩᠭᠠᠷᠠᠭᠤᠯᠬᠤ ᠪᠠ ᠡᠩᠨᠡᠭᠡᠨ ᠤ ᠲᠣᠭᠲᠠᠭᠤᠨ ᠪᠠᠶᠢᠬᠤ ᠶᠢ ᠪᠠᠲᠤᠯᠠᠵᠤ᠂ ᠲᠥᠷᠥ ᠶᠢᠨ ᠪᠣᠳᠣᠯᠭ᠎ᠠ ᠪᠠᠷ ᠪᠠᠲᠤᠯᠠᠬᠤ ᠪᠠ ᠣᠷᠤᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠰᠠᠭᠤᠷᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠪᠠᠲᠤᠳᠬᠠᠨ᠎ᠠ᠃      ︵ᠭᠤᠷᠪᠠ︶ ᠭᠤᠣᠯ ᠬᠠᠷᠠᠯᠲᠠ᠃ 3 — 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠤ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠨᠢ ᠢᠯᠡᠳᠲᠡ ᠴᠢᠩᠭᠠᠷᠠᠭᠤᠯᠤᠨ ᠂ ᠭᠤᠣᠯ ᠪᠣᠯᠬᠤ ᠦᠢᠯᠡᠳᠬᠦᠨ᠂ ᠢᠨᠵᠧᠨᠧᠷᠢᠩ᠂ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠥᠷᠢᠰᠦᠯᠳᠦᠬᠦ ᠬᠦᠴᠦᠨ ᠪᠦᠬᠦᠢ ᠨᠢᠭᠡ ᠪᠦᠯᠦᠭ ᠶᠠᠰᠤ ᠴᠢᠨᠠᠷ ᠲᠠᠢ ᠨᠡᠷᠡᠲᠦ ᠲᠡᠮᠳᠡᠭᠲᠦ ᠶᠢ ᠪᠣᠢ ᠪᠣᠯᠭᠠᠨ᠎ᠠ᠃ ᠠᠵᠤ ᠠᠬᠤᠢ ᠳᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠬᠦ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠶᠢᠨ ᠣᠯᠠᠨ ᠨᠡᠶᠢᠲᠡ ᠳᠤ ᠦᠢᠯᠡᠴᠢᠯᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠮᠡᠳᠡᠭᠳᠡᠮ᠎ᠡ ᠦᠷ᠎ᠡ ᠪᠦᠲᠦᠬᠡᠮᠵᠢ ᠣᠯᠵᠤ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ᠂ ᠠᠵᠢᠯ ᠲᠥᠷᠥᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠲᠤ ᠪᠠᠷ ᠵᠠᠰᠠᠬᠤ ᠲᠠᠯ᠎ᠠ ᠳᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠷ᠎ᠡ ᠳ᠋ᠦᠩ ᠢ ᠥᠷᠭᠡᠨ ᠢᠶᠠᠷ ᠦᠨᠡᠮᠰᠢᠨ ᠬᠡᠷᠡᠭᠯᠡᠭᠦᠯᠬᠦ ᠪᠣᠯᠭᠠᠨ᠎ᠠ᠃      ᠬᠤᠶᠠᠷ᠂ ᠭᠤᠣᠯᠳᠠᠯᠭ᠎ᠠ ᠪᠣᠯᠬᠤ ᠡᠭᠦᠷᠭᠡ      ︵ᠨᠢᠭᠡ︶ ᠶᠠᠰᠤ ᠴᠢᠨᠠᠷ ᠢ ᠵᠠᠰᠠᠬᠤ ᠵᠠᠰᠠᠭ ᠤᠨ ᠣᠷᠳᠣᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ      1. ᠶᠠᠰᠤ ᠴᠢᠨᠠᠷ ᠤᠨ ᠰᠠᠭᠤᠷᠢ ᠪᠣᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠶᠠᠰᠤ ᠴᠢᠨᠠᠷ ᠤᠨ ᠲᠠᠯ᠎ᠠ ᠪᠠᠷ ᠬᠢ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠶᠠᠰᠤ ᠴᠢᠨᠠᠷ ᠤᠨ ᠬᠡᠮᠵᠢᠭᠦᠷ᠂ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠮᠡᠳᠡᠷᠡᠵᠦ ᠵᠥᠪᠰᠢᠶᠡᠷᠡᠬᠦ ᠰᠠᠭᠤᠷᠢ ᠪᠣᠯᠬᠤ ᠪᠡᠯᠡᠳᠬᠡᠮᠵᠢ ᠶᠢᠨ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠢᠲᠡᠭᠡᠮᠵᠢ ᠪᠠᠷ ᠬᠢᠵᠠᠭᠠᠷᠯᠠᠬᠤ ᠶᠢ ᠴᠢᠩᠳᠠᠯᠠᠨ᠂ ᠢᠲᠡᠭᠡᠮᠵᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠡᠳᠦᠯ ᠪᠦᠲᠦᠮᠵᠢ ᠪᠠ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      2. ᠶᠠᠰᠤ ᠴᠢᠨᠠᠷ ᠢ ᠵᠠᠰᠠᠬᠤ ᠵᠠᠰᠠᠭ ᠤᠨ ᠣᠷᠳᠣᠨ ᠤ ᠠᠷᠭ᠎ᠠ ᠬᠡᠯᠪᠡᠷᠢ ᠶᠢ ᠬᠤᠪᠢᠷᠠᠭᠤᠯᠤᠨ᠎ᠠ᠃ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶ᠎ᠠ ᠪᠣᠯᠣᠨ ᠶᠠᠰᠤ ᠴᠢᠨᠠᠷ ᠤᠨ ᠭᠡᠷᠡᠴᠢᠯᠡᠭᠡ ᠶᠢᠨ ᠠᠷᠭ᠎ᠠ ᠪᠠᠷᠢᠯ ᠢ ᠳᠡᠯᠭᠡᠷᠡᠭᠦᠯᠦᠨ᠂ ᠶᠠᠰᠤ ᠴᠢᠨᠠᠷ ᠢ ᠵᠠᠰᠠᠬᠤ ᠴᠢᠳᠠᠪᠤᠷᠢ ᠶᠢ ᠨᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠣᠨᠴᠠᠭᠠᠶᠢᠯᠠᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠷᠢᠬᠵᠢᠭᠤᠯᠵᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠬᠡᠷᠡᠭᠵᠢᠭᠦᠯᠵᠦ᠂ ᠭᠠᠷᠮᠠᠭᠠᠢ ᠠᠮᠵᠢᠯᠲᠠ ᠪᠦᠲᠦᠮᠵᠢ ᠵᠡᠷᠭᠡ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠂ ᠭᠤᠷᠪᠠᠳᠠᠬᠢ ᠡᠲᠡᠭᠡᠳ ᠢᠶᠠᠷ ᠶᠠᠰᠤ ᠴᠢᠨᠠᠷ ᠢ ᠵᠠᠰᠠᠭᠤᠯᠬᠤ ᠲᠣᠭᠲᠠᠴᠠ ᠶᠢ ᠣᠷᠣᠭᠤᠯᠤᠨ ᠠᠪᠴᠢᠷᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      3. ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠮᠣ ᠳ᠋ᠠᠶᠢᠲ᠋ᠠ ᠶᠢᠨ ᠮᠡᠷᠭᠡᠵᠢᠯ ᠪᠣᠯᠣᠨ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠲᠠᠪᠴᠠᠩ ᠢ ᠭᠦᠢᠴᠡᠳ ᠠᠰᠢᠭᠯᠠᠨ᠂ ︽ᠢᠨᠲ᠋ᠧᠷ ᠰᠦᠯᠵᠢᠶ᠎ᠡ + ᠶᠠᠰᠤ ᠴᠢᠨᠠᠷ ᠤᠨ ᠭᠡᠷᠡᠴᠢᠯᠡᠭᠡ ᠶᠢᠨ ᠬᠢᠨᠠᠯᠲᠠ ᠬᠠᠮᠢᠶᠠᠷᠤᠯᠲᠠ︾ ᠶᠢᠨ ᠵᠠᠭᠪᠤᠷ ᠢ ᠬᠡᠷᠡᠭᠵᠢᠭᠦᠯᠵᠦ᠂ ᠭᠡᠷᠡᠴᠢᠯᠡᠭᠡ ᠶᠢᠨ ᠠᠵᠢᠯᠯᠠᠭ᠎ᠠ ᠬᠢᠭᠡᠳ ᠦᠷ᠎ᠡ ᠳ᠋ᠦᠩ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠶᠠᠰᠤ ᠴᠢᠨᠠᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠣᠮᠣ ᠳ᠋ᠠᠶᠢᠲ᠋ᠠ ᠶᠢᠨ ᠲᠥᠪ ᠪᠣᠯᠣᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠠᠯᠪᠠᠨ ᠵᠠᠷᠯᠠᠯ ᠤᠨ ᠰᠢᠰᠲ᠋ᠧᠮ ︵ᠥᠪᠥᠷ ᠮᠣᠩᠭᠤᠯ︶ ᠳᠤ ᠣᠷᠣᠭᠤᠯᠤᠨ᠎ᠠ᠃ ᠭᠡᠷᠡᠴᠢᠯᠡᠭᠡ ᠶᠢᠨ ᠪᠠᠶᠢᠭᠤᠯᠤᠮᠵᠢ ᠪᠣᠯᠣᠨ ᠭᠡᠷᠡᠴᠢᠯᠡᠭᠡ ᠣᠯᠣᠭᠰᠠᠨ ᠵᠣᠬᠢᠶᠠᠨ ᠪᠠᠶᠢᠭᠤᠯᠤᠯᠲᠠ ᠶᠢ ᠮᠡᠳᠡᠭᠡ ᠵᠠᠩᠭᠢᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠬᠦᠭᠵᠢᠬᠦᠯᠦᠯᠳᠡ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ ᠪᠣᠯᠣᠨ ᠠᠷᠭ᠎ᠠ ᠶᠢ ᠳᠡᠯᠭᠡᠷᠡᠭᠦᠯᠦᠨ ᠬᠡᠷᠡᠭᠯᠡᠨ᠎ᠡ᠃      4. ︽ᠲᠦᠮᠡ ᠮᠢᠩᠭ᠎ᠠ ᠵᠠᠭᠤ︾ ᠶᠢᠨ ᠠᠵᠤ ᠠᠬᠤᠶᠢᠯᠠᠯ ᠤᠨ ᠠᠵᠢᠯᠯᠠᠭᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ 10000 ᠠᠵᠤ ᠠᠬᠤᠶᠢᠯᠠᠯ ᠢ ᠳᠠᠶᠢᠴᠢᠯᠠᠨ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠰᠤᠷᠤᠯᠴᠠᠨ ᠬᠡᠷᠡᠭᠯᠡᠭᠦᠯᠵᠦ᠂ 5000 ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠶᠠᠰᠤ ᠴᠢᠨᠠᠷ ᠤᠨ ᠭᠡᠷᠡᠴᠢᠯᠡᠭᠡ ᠶᠢᠨ ᠠᠷᠭ᠎ᠠ ᠬᠡᠯᠪᠡᠷᠢ ᠶᠢ ᠬᠡᠷᠡᠭᠯᠡᠨ ᠶᠠᠰᠤ ᠴᠢᠨᠠᠷ ᠤᠨ ᠬᠠᠮᠢᠶᠠᠷᠤᠯᠲᠠ ᠶᠢ ᠨᠢ ᠴᠢᠩᠭᠠᠳᠬᠠᠨ᠂ ᠤᠯᠤᠰ ᠤᠨ ᠦᠮᠴᠢᠯᠡᠯᠲᠥ ᠭᠤᠣᠯᠳᠠᠯᠭ᠎ᠠ ᠲᠠᠢ 100 ᠠᠵᠤ ᠠᠬᠤᠶᠢᠯᠠᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ︽ᠳᠠᠭᠠᠭᠤᠯᠤᠭᠴᠢ︾ ᠶᠢᠨ ᠠᠵᠢᠯᠯᠠᠭᠠᠨ ᠦᠷᠨᠢᠭᠦᠯᠬᠦ ᠶᠢ ᠠᠬᠢᠭᠤᠯᠵᠤ ᠂ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠤ ᠨᠡᠶᠢᠳᠡᠮ ᠳᠤ ᠪᠠᠨ ᠳᠡᠭᠡᠭᠰᠢᠯᠡᠬᠦ ᠶᠢ ᠠᠬᠢᠭᠤᠯᠤᠨ᠎ᠠ᠃ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ ᠪᠣᠯᠣᠨ ᠠᠷᠭ᠎ᠠ ᠶᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠪᠣᠯᠣᠨ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠲᠡᠶᠢᠰᠢ ᠪᠥᠬᠦ ᠲᠠᠯ᠎ᠠ ᠪᠠᠷ ᠤᠷᠲᠤᠳᠬᠠᠬᠤ ᠶᠢ ᠢᠳᠡᠪᠬᠢᠲᠡᠢ ᠠᠬᠢᠭᠤᠯᠤᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠨ᠎ᠡ ᠬᠡᠯᠪᠡᠷᠢᠲᠦ ᠪᠠᠭᠠᠵᠢ ᠶᠢ ᠢᠳᠡᠪᠬᠢᠲᠡᠢ ᠨᠡᠭᠡᠭᠡᠨ ᠬᠥᠭᠵᠢᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠦᠷ᠎ᠡ ᠪᠦᠲᠦᠭᠡᠯ ᠪᠣᠯᠣᠨ ᠲᠤᠷᠰᠢᠯᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ᠂ ᠵᠢᠷᠭᠤᠭᠠᠨ ᠰᠢᠭᠮᠡ ᠬᠠᠮᠢᠶᠠᠷᠤᠯᠲᠠ᠂ ᠨᠠᠷᠢᠨ ᠨᠢᠭᠲᠠ ᠬᠠᠮᠢᠶᠠᠷᠤᠯᠲᠠ ᠵᠡᠷᠭᠡ ᠣᠯᠠᠨ ᠤᠯᠤᠰ ᠤᠨ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠪᠣᠳᠠᠲᠠᠢ ᠲᠠᠢ ᠪᠠᠨ ᠤᠶᠠᠯᠳᠤᠭᠤᠯᠵᠤ ᠴᠢᠩᠭᠠᠳᠬᠠᠨ᠂ ᠤᠬᠤᠴᠢᠯᠠᠵᠤ ᠮᠥᠷᠳᠡᠬᠦ ᠬᠠᠮᠢᠶᠠᠷᠤᠯᠲᠠ᠂ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠦᠷᠬᠦᠯᠵᠢᠯᠡᠯᠲᠦ ᠴᠢᠨᠠᠷᠲᠠᠢ ᠬᠠᠮᠢᠶᠠᠷᠤᠯᠲᠠ ᠵᠡᠷᠭᠡ ᠠᠵᠢᠯ ᠲᠥᠷᠥᠯ ᠤᠨ ᠰᠢᠨ᠎ᠡ ᠪᠠᠶᠢᠳᠠᠯ ᠳᠤ ᠲᠣᠬᠢᠷᠠᠬᠤ ᠶᠠᠰᠤ ᠴᠢᠨᠠᠷ ᠤᠨ ᠬᠠᠮᠢᠶᠠᠷᠤᠯᠲᠠ ᠶᠢᠨ ᠪᠠᠭᠠᠵᠢ ᠬᠡᠷᠡᠭᠯᠡᠬᠦ ᠶᠢ ᠢᠳᠡᠪᠬᠢᠲᠡᠢ ᠰᠤᠳᠤᠯᠵᠤ᠂ ᠠᠵᠢᠯ ᠲᠥᠷᠥᠯ ᠤᠨ ᠣᠨᠴᠠᠯᠢᠭ ᠲᠤ ᠨᠡᠶᠢᠴᠡᠭᠰᠡᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠨ᠎ᠡ ᠠᠷᠭ᠎ᠠ ᠶᠢ ᠨᠡᠭᠡᠭᠡᠨ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ  ᠬᠥᠭᠵᠢᠭᠦᠯᠦᠯᠲᠡ  ᠶᠢᠨ  ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      5. ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠡᠷᠡᠴᠢᠯᠡᠭᠡ ᠶᠢᠨ ᠪᠠᠶᠢᠭᠤᠯᠤᠮᠵᠢ ᠲᠠᠢ ᠬᠤᠯᠪᠣᠭᠠᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠠᠵᠢᠯ ᠲᠥᠷᠥᠯ ᠪᠣᠯᠣᠨ ᠱᠠᠲᠤ ᠳᠡᠰ ᠬᠤᠪᠢᠶᠠᠨ ᠶᠠᠰᠤ ᠴᠢᠨᠠᠷ ᠤᠨ ᠭᠡᠷᠡᠴᠢᠯᠡᠭᠡ ᠪᠠᠷ ᠶᠠᠳᠠᠭᠤ ᠶᠢ ᠳᠡᠳᠬᠦᠬᠦ ᠪᠠ ᠰᠦᠢᠳᠬᠡᠯ ᠬᠤᠷᠢᠶᠠᠬᠤ ᠦᠭᠡᠢ ᠪᠤᠯᠪᠠᠰᠤᠷᠠᠭᠤᠯᠤᠯ ᠬᠢᠬᠦ ᠶᠢ ᠥᠷᠨᠢᠭᠦᠯᠦᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠶᠠᠰᠤ ᠴᠢᠨᠠᠷ ᠤᠨ ᠠᠵᠢᠯ ᠳᠤ ᠲᠤᠰᠠᠯᠠᠬᠤ ᠲᠥᠰᠥᠯ ᠬᠠᠩᠭᠠᠨ᠂ ᠶᠠᠰᠤ ᠴᠢᠨᠠᠷ ᠤᠨ ᠳᠡᠭᠡᠭᠰᠢᠯᠡᠯᠲᠡ ᠳᠤ ᠳᠤᠲᠠᠭᠤᠳᠠᠵᠤ ᠪᠠᠶᠢᠭ᠎ᠠ ᠵᠦᠢᠯ ᠢ ᠨᠢ ᠨᠥᠬᠦᠪᠦᠷᠢᠯᠡᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠪᠠᠷᠯᠠᠯ ᠰᠣᠯᠢᠵᠤ ᠳᠡᠰ ᠳᠡᠪᠰᠢᠭᠦᠯᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠪᠠᠨ ᠪᠥᠬᠦ ᠲᠠᠯ᠎ᠠ ᠪᠠᠷ ᠳᠡᠰ ᠳᠡᠪᠰᠢᠭᠦᠯᠬᠦ ᠶᠢ ᠨᠢ ᠳᠠᠶᠢᠴᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ  ᠶᠢᠨ  ᠵᠥᠪᠯᠡᠯ  ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠳᠤ ᠳᠡᠰ ᠳᠡᠪᠰᠢᠭᠦᠯᠬᠦ ᠠᠵᠢᠯᠯᠠᠭᠠᠨ ᠥᠷᠨᠢᠭᠦᠯᠦᠨ᠎ᠡ      6. ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠪᠠᠷᠢᠮᠵᠢᠶ᠎ᠠ ᠶᠢ ᠰᠤᠷᠤᠯᠴᠠᠭᠤᠯᠵᠤ ᠬᠡᠷᠡᠭᠯᠡᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ᠂ ᠲᠤᠰᠬᠠᠢ ᠮᠡᠷᠭᠡᠵᠢᠯ ᠤᠨ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠦᠢᠯᠡᠴᠢᠯᠡᠬᠦ ᠡᠭᠦᠷᠭᠡ ᠴᠢᠳᠠᠪᠤᠷᠢ ᠶᠢ ᠪᠠᠳᠠᠷᠠᠭᠤᠯᠤᠨ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠰᠤᠷᠤᠯᠴᠠᠭᠤᠯᠵᠤ ᠬᠡᠷᠡᠭᠯᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠴᠢᠬᠤᠯᠠ ᠠᠴᠢᠶᠠᠯᠠᠪᠤᠷᠢ ᠪᠣᠯᠭᠠᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢᠶᠠᠷ ᠭᠤᠣᠯᠳᠠᠯᠭ᠎ᠠ ᠲᠠᠢ ᠪᠠᠷ ᠦᠢᠯᠡᠴᠢᠯᠡᠭᠦᠯᠬᠦ ᠡᠲᠡᠭᠡᠳ ᠪᠣᠯᠭᠠᠵᠤ᠂ ᠲᠤᠰᠬᠠᠢ ᠰᠡᠳᠦᠪᠲᠦ ᠲᠠᠶᠢᠯᠤᠮᠵᠢ᠂ ᠰᠤᠷᠲᠠᠯᠴᠢᠯᠠᠵᠤ ᠲᠤᠭᠤᠰᠢᠯᠠᠭᠤᠯᠬᠤ ᠪᠣᠯᠪᠠᠰᠤᠷᠠᠭᠤᠯᠤᠯ᠂ ᠣᠨᠣᠰᠢᠯᠠᠨ ᠮᠠᠭᠠᠳᠯᠠᠬᠤ ᠵᠥᠪᠯᠡᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠪᠣᠯᠣᠨ ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      7. ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠳᠡᠰ ᠳᠡᠪᠰᠢᠭᠰᠡᠨ ᠪᠠᠷᠯᠠᠯ ᠢ ᠪᠣᠢ ᠪᠣᠯᠭᠠᠨ᠎ᠠ᠃ ᠰᠢᠨ᠎ᠡ ᠪᠠᠷᠯᠠᠯ ᠤᠨ ISO9001 ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠵᠡᠷᠭᠡ ᠣᠯᠠᠨ ᠤᠯᠤᠰ ᠤᠨ ᠲᠡᠷᠢᠭᠦᠨ ᠤ ᠪᠠᠷᠢᠮᠵᠢᠶ᠎ᠠ᠂ ᠠᠷᠭ᠎ᠠ ᠶᠢ ᠬᠡᠷᠡᠭᠯᠡᠨ ᠭᠡᠷᠡᠴᠢᠯᠡᠭᠡ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠭᠡᠷᠡᠴᠢᠯᠡᠭᠡ ᠶᠢᠨ ᠵᠠᠭᠪᠤᠷ ᠢ ᠥᠭᠡᠷᠡᠴᠢᠯᠡᠵᠦ ᠰᠢᠨᠡᠳᠬᠡᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠰᠢᠰᠲ᠋ᠧᠮᠵᠢᠲᠦ ᠳᠡᠰ ᠳᠡᠪᠰᠢᠯᠲᠡ ᠪᠠᠷ ᠳᠠᠮᠵᠢᠭᠤᠯᠵᠤ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠪᠠᠨ ᠪᠥᠬᠦ ᠲᠠᠯ᠎ᠠ ᠪᠠᠷ ᠳᠡᠰ ᠳᠡᠪᠰᠢᠭᠦᠯᠬᠦ ᠶᠢ ᠨᠢ ᠳᠠᠶᠢᠴᠢᠯᠠᠨ᠎ᠠ᠃ ᠭᠤᠣᠯᠯᠠᠬᠤ ᠠᠵᠤ ᠦᠢᠯᠡᠰ ᠵᠢᠴᠢ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠤᠣᠯᠳᠠᠯᠭ᠎ᠠ ᠲᠠᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠪᠦᠯᠦᠭ ᠥᠨᠳᠥᠷ ᠪᠦᠲᠦᠮᠵᠢᠲᠡᠢ ᠪᠦᠭᠡᠳ ᠨᠢᠭᠡ ᠴᠣᠭᠴᠠᠵᠢᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠭᠰᠡᠨ ᠬᠡᠪ ᠳᠠᠭᠤᠷᠢᠶᠠᠯ ᠢ ᠪᠣᠢ ᠪᠣᠯᠭᠠᠨ᠎ᠠ᠃ 2022 ᠣᠨ ᠪᠣᠯᠬᠤ ᠳᠤ᠂ ᠪᠥᠬᠦ ᠣᠷᠣᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠠᠵᠤ ᠠᠬᠤᠶᠢᠯᠠᠯ ᠢ 7000 ᠭᠠᠷᠤᠢ ᠪᠣᠯᠭᠠᠬᠤ ᠪᠠᠷ ᠴᠢᠷᠮᠠᠶᠢᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ  ᠬᠤᠪᠢᠶᠠᠷᠢᠯᠠᠯ  ᠶᠣᠰᠣᠭᠠᠷ  ᠬᠠᠷᠢᠭᠤᠴᠠᠨ᠎ᠠ︶      8. ᠶᠠᠰᠤ ᠴᠢᠨᠠᠷ ᠤᠨ ᠭᠡᠷᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠭᠡᠷᠡᠴᠢᠯᠡᠭᠡ ᠶᠢᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠴᠢᠭᠯᠡᠯᠲᠦ ᠴᠢᠨᠠᠷ ᠪᠦᠬᠦᠢ ᠥᠷᠲᠡᠭ ᠨᠡᠮᠡᠭᠳᠡᠯ ᠲᠠᠢ ᠦᠢᠯᠡᠴᠢᠯᠡᠭᠡ᠂ ᠭᠦᠨᠵᠡᠭᠡᠢ ᠦᠢᠯᠡᠴᠢᠯᠡᠭᠡ ᠶᠢ ᠥᠷᠨᠢᠭᠦᠯᠦᠨ᠂ ᠰᠢᠨ᠎ᠡ ᠬᠡᠯᠪᠡᠷᠢ ᠪᠦᠬᠦᠢ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢ ᠠᠬᠢᠭᠤᠯᠤᠨ᠎ᠠ᠃ ᠡᠷᠡᠭᠦᠯ ᠴᠢᠭᠢᠷᠠᠭ᠂ ᠰᠤᠷᠭᠠᠨ ᠬᠥᠮᠥᠵᠢᠯ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠳᠠᠬᠢ ᠦᠢᠯᠡᠴᠢᠯᠡᠬᠦ ᠭᠡᠷᠡᠴᠢᠯᠡᠭᠡ ᠶᠢ ᠬᠦᠴᠦᠲᠡᠢ ᠠᠬᠢᠭᠤᠯᠤᠨ᠎ᠠ᠃ ᠴᠡᠷᠢᠭ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠨᠡᠶᠢᠳᠡᠮ ᠬᠡᠷᠡᠭᠯᠡᠭᠡᠨ ᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠰᠢᠰᠲ᠋ᠧᠮᠵᠢ ᠪᠠᠶᠢᠭᠤᠯᠬᠤ ᠶᠢ ᠵᠣᠷᠢᠬᠵᠢᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ ᠣᠨᠴᠠᠭᠠᠶᠢᠯᠠᠨ ᠦᠢᠯᠡᠴᠢᠯᠡᠬᠦ ᠬᠡᠯᠪᠡᠷᠢᠲᠦ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ ᠭᠡᠷᠡᠴᠢᠯᠡᠭᠦᠯᠬᠦ ᠳᠤ ᠣᠷᠣᠯᠴᠠᠭᠤᠯᠤᠨ᠎ᠠ᠃ ᠠᠵᠤ ᠠᠬᠤᠶᠢᠯᠠᠯ ᠤᠨ ᠠᠮᠠᠯᠠᠬᠤ ᠳᠦᠷᠢᠮ ᠢ ᠬᠡᠷᠡᠭᠵᠢᠭᠦᠯᠦᠨ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠨ ᠠᠪᠴᠤ᠂ ᠭᠡᠷᠡᠴᠢᠯᠡᠭᠡ ᠪᠠᠷ ᠳᠠᠮᠵᠢᠵᠤ ᠦᠢᠯᠡᠳᠬᠦᠨ ᠤ ᠶᠠᠰᠤ ᠴᠢᠨᠠᠷ ᠪᠣᠯᠣᠨ ᠠᠵᠤ ᠠᠬᠤᠶᠢᠯᠠᠯ ᠤᠨ ᠢᠲᠡᠭᠡᠯ ᠬᠦᠨᠳᠦ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ᠂ ᠠᠵᠢᠯ ᠲᠥᠷᠥᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠳᠤ ᠭᠡᠷᠡᠴᠢᠯᠡᠭᠡ ᠶᠢᠨ ᠦᠷ᠎ᠡ ᠳ᠋ᠦᠩ ᠢ ᠥᠷᠭᠡᠨ ᠢᠶᠠᠷ ᠦᠨᠡᠮᠰᠢᠨ ᠬᠡᠷᠡᠭᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠶᠠᠰᠤ ᠴᠢᠨᠠᠷ ᠤᠨ ᠭᠡᠷᠡᠴᠢᠯᠡᠭᠡ ᠶᠢᠨ ᠳᠦᠷᠢᠮ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ      9. ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢᠨ ︽ᠰᠠᠭᠤᠷᠢ ᠶᠢ ᠨᠢ ᠪᠠᠲᠤᠯᠠᠬᠤ ᠱᠤᠭᠤᠮ︾ ᠤᠨ ᠦᠢᠯᠡᠳᠦᠯ ᠢ ᠪᠠᠳᠠᠷᠠᠭᠤᠯᠤᠨ᠂ ᠴᠢᠬᠤᠯᠠ ᠪᠦᠬᠦᠢ ᠴᠢᠨᠠᠷ ᠪᠣᠯᠣᠨ ᠬᠠᠮᠤᠭ ᠤᠨ ᠳᠣᠣᠷ᠎ᠠ ᠪᠣᠯᠭᠠᠬᠤ ᠵᠠᠷᠴᠢᠮ ᠶᠣᠰᠣᠭᠠᠷ᠂ ᠠᠮᠤᠷ ᠲᠦᠪᠰᠢᠨ ᠂ ᠡᠷᠡᠭᠦᠯ ᠴᠢᠭᠢᠷᠠᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠲᠠᠢ ᠬᠤᠯᠪᠣᠭᠳᠠᠭᠰᠠᠨ ᠦᠢᠯᠡᠳᠬᠦᠨ ᠳᠤ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ ᠭᠡᠷᠡᠴᠢᠯᠡᠭᠡ ᠶᠢᠨ ᠪᠠᠶᠢᠭᠤᠯᠤᠮᠵᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠬᠠᠮᠵᠢᠯᠴᠠᠨ ᠬᠠᠪᠰᠤᠷᠤᠯᠴᠠᠬᠤ ᠶᠢ ᠴᠢᠩᠭᠠᠳᠬᠠᠵᠤ᠂ ᠣᠨᠣᠪᠴᠢᠲᠠᠢ ᠪᠠᠷ ᠠᠩᠭᠢᠯᠠᠵᠤ  ᠬᠠᠮᠢᠶᠠᠷᠬᠤ  ᠶᠢ  ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      10. ᠰᠠᠶᠢᠨ ᠳᠤᠷ᠎ᠠ ᠠᠴᠠ ᠪᠠᠨ ᠭᠡᠷᠡᠴᠢᠯᠡᠭᠦᠯᠬᠦ ᠶᠢ ᠠᠬᠢᠭᠤᠯᠤᠨ᠎ᠠ᠃ ᠰᠠᠶᠢᠨ ᠳᠤᠷ᠎ᠠ ᠠᠴᠠ ᠪᠠᠨ ᠭᠡᠷᠡᠴᠢᠯᠡᠭᠦᠯᠬᠦ ᠶᠢᠨ ︽ᠪᠠᠷᠢᠮᠵᠢᠶᠠᠯᠠᠬᠤ ᠱᠤᠭᠤᠮ︾ ᠤᠨ ᠦᠢᠯᠡᠳᠦᠯ ᠢ ᠪᠠᠳᠠᠷᠠᠭᠤᠯᠤᠨ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠳᠤ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠰᠢᠨ᠎ᠡ ᠬᠦᠷᠢᠶᠡᠨ ᠳᠠᠬᠢ ᠰᠤᠳᠤᠯᠤᠨ ᠨᠡᠭᠡᠭᠡᠬᠦ ᠭᠡᠷᠡᠴᠢᠯᠡᠭᠡ ᠶᠢᠨ ︽ᠰᠠᠭᠠᠳ ᠦᠭᠡᠢ ᠨᠡᠪᠲᠡᠷᠡᠯ︾ ᠢ ᠪᠠᠶᠢᠭᠤᠯᠤᠨ᠂ ᠰᠢᠨ᠎ᠡ ᠬᠡᠯᠪᠡᠷᠢ ᠪᠦᠬᠦᠢ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠣᠷᠭᠠᠨᠢᠭ ᠪᠦᠭᠡᠳ ᠪᠣᠬᠢᠷᠲᠤᠯ ᠦᠭᠡᠢ ᠦᠢᠯᠡᠳᠬᠦᠨ ᠤ ᠭᠡᠷᠡᠴᠢᠯᠡᠭᠡ ᠶᠢ ᠬᠦᠴᠦᠲᠡᠢ ᠠᠬᠢᠭᠤᠯᠤᠨ᠂ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠬᠢᠵᠠᠭᠠᠷᠯᠠᠬᠤ ᠴᠡᠭ ᠤᠨ ᠰᠢᠰᠲ᠋ᠧᠮᠵᠢ ᠶᠢᠨ ᠭᠡᠷᠡᠴᠢᠯᠡᠭᠡ ᠶᠢ ᠠᠬᠢᠭᠤᠯᠵᠤ᠂ ᠬᠤᠣᠷ ᠦᠭᠡᠢ ᠲᠠᠷᠢᠶᠠᠯᠠᠩ ᠤᠨ ᠵᠢᠷᠤᠮᠯᠠᠯ ᠤᠨ ᠭᠡᠷᠡᠴᠢᠯᠡᠭᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠤᠯᠤᠰ ᠤᠨ ᠣᠷᠭᠠᠨᠢᠭ ᠦᠢᠯᠡᠳᠬᠦᠨ ᠤ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ 2020 ᠣᠨ ᠪᠣᠯᠬᠤ ᠳᠤ᠂ ᠪᠣᠬᠢᠷᠲᠤᠯ ᠦᠭᠡᠢ ᠢᠳᠡᠭᠡᠨ ᠤ ᠭᠡᠷᠡᠴᠢᠯᠡᠭᠡ ᠶᠢᠨ ᠦᠨᠡᠮᠯᠡᠯ ᠣᠯᠣᠭᠰᠠᠳ ᠢ 1000 ᠪᠣᠯᠭᠠᠵᠤ᠂ ᠣᠷᠭᠠᠨᠢᠭ ᠦᠢᠯᠡᠳᠬᠦᠨ ᠤ ᠭᠡᠷᠡᠴᠢᠯᠡᠭᠡ ᠶᠢᠨ ᠦᠨᠡᠮᠯᠡᠯ ᠣᠯᠣᠭᠰᠠᠳ ᠢ 900 ᠪᠣᠯᠭᠠᠨ᠂ ᠰᠠᠶᠢᠨ ᠲᠠᠷᠢᠶᠠᠯᠠᠩ ᠤᠨ ᠵᠢᠷᠤᠮᠵᠢᠭᠰᠠᠨ ᠭᠡᠷᠡᠴᠢᠯᠡᠭᠡ ᠶᠢᠨ ᠦᠨᠡᠮᠯᠡᠯ ᠣᠯᠣᠭᠰᠠᠳ ᠢ 30 ᠪᠣᠯᠭᠠᠵᠤ᠂ ᠤᠯᠤᠰ ᠤᠨ ᠣᠷᠭᠠᠨᠢᠭ ᠦᠢᠯᠡᠳᠬᠦᠨ ᠤ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠣᠭᠤᠷᠢᠭ ᠢ 10 ᠭᠠᠷᠤᠢ ᠨᠡᠮᠡᠵᠦ ᠪᠠᠶᠢᠭᠤᠯᠤᠨ᠂ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠬᠢᠵᠠᠭᠠᠷᠯᠠᠬᠤ ᠴᠡᠭ ᠤᠨ ᠰᠢᠰᠲ᠋ᠧᠮᠵᠢ ᠶᠢᠨ ᠭᠡᠷᠡᠴᠢᠯᠡᠭᠡ ᠶᠢᠨ ᠠᠵᠤ ᠠᠬᠤᠶᠢᠯᠠᠯ ᠢ 200 ᠭᠠᠷᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      11. ︽ᠥᠪᠥᠷ ᠮᠣᠩᠭᠤᠯ ᠴᠢᠨᠠᠷ ᠴᠢᠨᠰᠠᠭ᠎ᠠ︾ ᠭᠡᠷᠡᠴᠢᠯᠡᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠥᠪᠥᠷ ᠮᠣᠩᠭᠤᠯ ᠤᠨ ᠣᠷᠣᠨ ᠪᠦᠰᠡ ᠶᠢᠨ ᠣᠨᠴᠠᠯᠢᠭ ᠲᠠᠢ ᠢᠳᠡᠭᠡᠨ᠂ ᠲᠠᠷᠢᠶᠠᠯᠠᠩ ᠮᠠᠯ ᠠᠵᠤ ᠠᠬᠤᠢ ᠣᠢ ᠰᠢᠭᠤᠢ ᠤᠰᠤᠨ ᠭᠠᠷᠤᠯᠲᠠ ᠶᠢᠨ ᠣᠨᠴᠠᠯᠢᠭᠲᠤ ᠦᠢᠯᠡᠳᠬᠦᠨ᠂ ᠮᠣᠩᠭᠤᠯ ᠬᠢᠲᠠᠳ ᠡᠮ ᠤᠨ ᠮᠠᠲ᠋ᠧᠷᠢᠶᠠᠯ ᠵᠡᠷᠭᠡ ᠨᠡᠷᠡᠲᠦ ᠰᠢᠯᠢᠳᠡᠭ ᠦᠢᠯᠡᠳᠬᠦᠨ ᠵᠢᠴᠢ ᠦᠨᠳᠦᠰᠦᠲᠡᠨ ᠤ ᠣᠨᠴᠠᠯᠢᠭ ᠢᠶᠠᠷ ᠢᠯᠡ ᠲᠣᠳᠣ ᠪᠠᠶᠢᠳᠠᠭ ᠵᠢᠭᠤᠯᠴᠢᠯᠠᠬᠤ ᠭᠠᠵᠠᠷ ︵ᠦᠵᠡᠮᠵᠢ ᠶᠢᠨ ᠭᠠᠵᠠᠷ︶ ᠵᠡᠷᠭᠡ ᠶᠢ ᠭᠤᠣᠯᠳᠠᠯᠭ᠎ᠠ ᠲᠠᠢ ᠪᠤᠶᠢᠵᠢᠭᠤᠯᠬᠤ ᠲᠠᠯ᠎ᠠ ᠪᠣᠯᠭᠠᠵᠤ᠂ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠠᠴᠠ ᠳᠡᠭᠡᠭᠦᠷ ᠪᠠᠶᠢᠬᠤ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠲᠣᠭᠲᠠᠭᠠᠬᠤ ᠪᠠᠷ ᠳᠡᠮᠵᠢᠨ᠂ ︽ᠥᠪᠥᠷ ᠮᠣᠩᠭᠤᠯ ᠴᠢᠨᠠᠷ ᠴᠢᠨᠰᠠᠭ᠎ᠠ︾ ᠶᠢᠨ ᠪᠠᠷᠢᠮᠵᠢᠶᠠᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠷᠪᠠᠳᠠᠬᠢ ᠡᠲᠡᠭᠡᠳ ᠤᠨ ᠭᠡᠷᠡᠴᠢᠯᠡᠭᠡ ᠶᠢᠨ ᠪᠠᠶᠢᠭᠤᠯᠤᠮᠵᠢ ᠳᠤ ᠨᠠᠶᠢᠳᠠᠵᠤ ᠭᠡᠷᠡᠴᠢᠯᠡᠭᠡ ᠶᠢᠨ ᠠᠵᠢᠯᠯᠠᠭ᠎ᠠ ᠥᠷᠨᠢᠭᠦᠯᠬᠦ ᠶᠢ ᠰᠦᠪᠡᠭᠴᠢᠯᠡᠨ᠂ ᠥᠪᠥᠷ ᠮᠣᠩᠭᠤᠯ ᠤᠨ ᠨᠡᠷᠡᠲᠦ ᠲᠡᠮᠳᠡᠭᠲᠦ ᠶᠢ ᠪᠤᠶᠢᠵᠢᠭᠤᠯᠵᠤ᠂ ᠥᠪᠥᠷ ᠮᠣᠩᠭᠤᠯ ᠤᠨ ᠠᠵᠤ ᠠᠬᠤᠢ ᠶᠢᠨ ᠥᠷᠢᠰᠦᠯᠳᠦᠬᠦ ᠬᠦᠴᠦᠨ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠴᠢᠯᠠᠯᠲᠠ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠦᠬᠡᠬᠤᠲᠠ ᠪᠤᠭᠤᠮᠲᠠ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ  ᠤᠨ  ᠬᠤᠪᠢᠶᠠᠷᠢᠯᠠᠯ  ᠶᠣᠰᠤᠭᠠᠷ  ᠬᠠᠷᠢᠭᠤᠴᠠᠨ᠎ᠠ︶      ︵ᠲᠠᠪᠤ︶ ᠶᠠᠰᠤ ᠴᠢᠨᠠᠷ ᠤᠨ ᠭᠡᠷᠡᠴᠢᠯᠡᠭᠡ ᠶᠢᠨ ᠶᠡᠷᠦᠩᠬᠡᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ      12. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠪᠠ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠮᠡᠷᠭᠡᠵᠢᠯ ᠤᠨ ᠣᠨᠴᠠ ᠴᠢᠳᠠᠪᠤᠷᠢᠲᠠᠢ᠂ ᠦᠢᠯᠡᠴᠢᠯᠡᠭᠡᠨ ᠨᠢ ᠣᠨᠴᠠᠯᠢᠭ ᠲᠠᠢ ᠨᠢᠭᠡ ᠪᠦᠯᠦᠭ ᠲᠤᠰᠬᠠᠶᠢᠵᠢᠭᠰᠠᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠷ ︽ᠵᠠᠯᠭᠠᠭᠤᠷ︾ ᠪᠣᠯᠭᠠᠭᠰᠠᠨ ᠠᠵᠤ ᠦᠢᠯᠡᠰ ᠤᠨ ᠪᠦᠭᠡᠮᠨᠡᠷᠡᠯ ᠤᠨ ᠰᠢᠨ᠎ᠡ ᠵᠠᠭᠪᠤᠷ ᠢ ᠪᠣᠢ ᠪᠣᠯᠭᠠᠬᠤ ᠪᠠᠷ ᠴᠢᠷᠮᠠᠶᠢᠨ᠎ᠠ᠃ ᠶᠠᠰᠤ ᠴᠢᠨᠠᠷ ᠤᠨ ᠠᠮᠦᠷ ᠲᠥᠪᠰᠢᠨ ᠤ ᠲᠥᠭᠰᠢᠭᠦᠷᠢ ᠶᠢ ᠰᠡᠷᠡᠮᠵᠢᠯᠡᠭᠦᠯᠬᠦ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠤ ᠲᠤᠳᠤᠷᠠᠬᠢ ᠠᠵᠤ ᠠᠬᠤᠶᠢᠯᠠᠯ ᠤᠨ ᠬᠢᠨ ᠤ ᠶᠠᠰᠤ ᠴᠢᠨᠠᠷ ᠤᠨ ᠭᠡᠷᠡᠴᠢᠯᠡᠭᠡ ᠶᠢᠨ ᠬᠢᠷᠢ ᠭᠡᠮ ᠣᠯᠬᠤ ᠶᠢ ᠳᠡᠮᠵᠢᠵᠦ᠂ ᠠᠵᠤ ᠠᠬᠤᠶᠢᠯᠠᠯ ᠳᠤ ᠳᠦᠭᠦᠮ ᠪᠦᠭᠡᠳ ᠦᠨᠳᠦᠷ ᠪᠦᠲᠦᠮᠵᠢᠲᠡᠢ ᠦᠢᠯᠡᠴᠢᠯᠡᠭᠡ ᠶᠢ ᠬᠠᠩᠭᠠᠨ᠎ᠠ᠃ 2020 ᠣᠨ ᠪᠣᠯᠬᠤ ᠳᠤ᠂ ᠪᠦᠬᠦ ᠣᠷᠣᠨ ᠤ ᠡᠯ᠎ᠡ ᠲᠦᠷᠦᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢ 1200 ᠭᠠᠷᠤᠢ ᠪᠣᠯᠭᠠᠵᠤ᠂ ᠣᠷᠣᠨ ᠤ ᠲᠤᠳᠤᠷ᠎ᠠ ᠳᠠᠩᠰᠠᠯᠠᠭᠤᠯᠤᠭᠰᠠᠨ ᠶᠠᠰᠤ ᠴᠢᠨᠠᠷ ᠤᠨ ᠭᠡᠷᠡᠴᠢᠯᠡᠭᠡ ᠶᠢᠨ ᠬᠢᠷᠢ ᠭᠡᠮ ᠲᠠᠢ ᠭᠡᠷᠡᠴᠢᠯᠡᠭᠡ ᠶᠢᠨ ᠪᠠᠶᠢᠭᠤᠯᠤᠮᠵᠢ ᠶᠢ 3 ᠠᠴᠠ ᠢᠯᠡᠬᠦᠤ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      13. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ ᠮᠠᠭᠠᠳᠯᠠᠨ ᠲᠣᠭᠲᠠᠭᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ︾ ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠤᠨ᠂ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ ᠢ ᠶᠡᠭᠡ ᠪᠠᠷ ᠴᠣᠮᠬᠠᠳᠬᠠᠨ᠂ ︽ᠶᠡᠬᠡᠳᠡᠬᠦ ᠳᠤ ᠪᠠᠨ ᠨᠢᠭᠡ ᠯᠠ ᠤᠳᠠᠭ᠎ᠠ ᠣᠴᠢᠵᠤ ᠭᠦᠢᠴᠡᠳᠬᠡᠬᠦ︾ ᠶᠢᠨ ᠡᠯ᠎ᠡ ᠵᠦᠢᠯ ᠤᠨ ᠬᠢᠨᠠᠨ ᠵᠥᠪᠰᠢᠶᠡᠷᠡᠬᠦ ᠲᠣᠭᠲᠠᠭᠠᠯ ᠢ ᠪᠡᠶᠡᠯᠡᠭᠦᠯᠵᠦ᠂ ᠵᠠᠰᠠᠭ ᠵᠠᠬᠢᠷᠭᠠᠨ ᠤ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ ᠮᠠᠭᠠᠳᠯᠠᠨ ᠲᠣᠭᠲᠠᠭᠠᠬᠤ ᠬᠢᠭᠡᠳ ᠬᠠᠮᠢᠶ᠎ᠠ ᠪᠦᠬᠦᠢ ᠠᠵᠢᠯ ᠲᠥᠷᠥᠯ ᠤᠨ ᠬᠢᠨ ᠤ ᠬᠢᠷᠢ ᠬᠡᠮ ᠤᠨ ᠵᠥᠪᠰᠢᠶᠡᠷᠡᠬᠦ ᠠᠵᠢᠯ ᠢ ᠨᠡᠶᠢᠯᠡᠭᠦᠯᠵᠦ ᠬᠤᠯᠪᠣᠭᠠᠯᠠᠨ ᠬᠢᠨᠠᠨ ᠵᠥᠪᠰᠢᠶᠡᠷᠡᠬᠦ ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠭᠡᠷᠡᠴᠢᠯᠡᠭᠡ ᠶᠢᠨ ᠠᠵᠢᠯᠯᠠᠭ᠎ᠠ ᠶᠢᠨ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ      14. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠴᠢᠩᠭᠠᠷᠠᠭᠤᠯᠤᠨ᠂ ᠭᠡᠷᠡᠴᠢᠯᠡᠭᠡ ᠶᠢᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠭᠡᠷᠡᠴᠢᠯᠡᠭᠡ ᠶᠢᠨ ᠬᠢᠨᠠᠨ ᠬᠠᠮᠢᠶᠠᠷᠬᠤ ᠬᠦᠴᠦᠨ ᠢ ᠲᠡᠭᠦᠯᠳᠡᠷᠵᠢᠭᠦᠯᠦᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠶᠢ ᠠᠬᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      15. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠎ᠠ᠃ ︽ᠬᠤᠶᠠᠷ ᠢ ᠰᠤᠭᠤᠴᠢᠨ ᠪᠠᠶᠢᠴᠠᠭᠠᠵᠤ ᠨᠢᠭᠡ ᠶᠢ ᠢᠯᠡ ᠪᠣᠯᠭᠠᠬᠤ︾ ᠶᠢᠨ ᠬᠢᠨᠠᠨ ᠬᠠᠮᠢᠶᠠᠷᠬᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠢᠶᠠᠨ ᠭᠡᠷᠡᠴᠢᠯᠡᠭᠡ ᠶᠢᠨ ᠠᠵᠢᠯᠯᠠᠭᠠᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠠᠵᠢᠯᠯᠠᠭᠠᠨ ᠢ ᠬᠠᠤᠯᠢ ᠪᠤᠰᠤ ᠪᠠᠷ ᠬᠢᠬᠦ ᠪᠠ ᠭᠡᠷᠡᠴᠢᠯᠡᠭᠡ ᠶᠢᠨ ᠦᠨᠡᠮᠯᠡᠯ ᠪᠤᠶᠤ ᠭᠡᠷᠡᠴᠢᠯᠡᠭᠡ ᠶᠢᠨ ᠲᠡᠮᠳᠡᠭ ᠢ ᠬᠤᠳᠠᠯ ᠢᠶᠠᠷ ᠵᠣᠬᠢᠶᠠᠬᠤ᠂ ᠬᠠᠭᠤᠷᠮᠠᠭᠯᠠᠨ ᠬᠡᠷᠡᠭᠯᠡᠬᠦ᠂ ᠬᠤᠳᠠᠯᠳᠤᠭᠠᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠦᠭᠡᠢ ᠦᠢᠯᠡᠳᠬᠦᠨ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠨᠢ ᠴᠢᠩᠭ᠎ᠠ ᠴᠠᠭᠠᠵᠠᠯᠠᠨ᠂ ᠭᠡᠷᠡᠴᠢᠯᠡᠭᠡ ᠶᠢᠨ ᠦᠷ᠎ᠡ ᠪᠦᠳᠦᠮᠵᠢᠲᠦ ᠴᠢᠨᠠᠷ ᠪᠣᠯᠣᠨ ᠨᠡᠶᠢᠲᠡ ᠳᠤ ᠢᠲᠡᠭᠡᠭᠦᠯᠬᠦ ᠬᠦᠴᠦᠨ ᠢ ᠦᠨᠡᠨ ᠬᠦ ᠪᠠᠲᠤᠯᠠᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ  ᠬᠤᠪᠢᠶᠠᠷᠢᠯᠠᠯ  ᠶᠣᠰᠣᠭᠠᠷ  ᠬᠠᠷᠢᠭᠤᠴᠠᠨ᠎ᠠ︶      16. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠵᠢᠴᠢ ᠠᠵᠢᠯᠲᠠᠳ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠠᠵᠢᠯᠯᠠᠭ᠎ᠠ ᠳᠤ ᠣᠷᠣᠯᠴᠠᠭᠰᠠᠨ ᠠᠵᠢᠯ ᠬᠢᠭᠰᠡᠳ ᠠᠴᠠ ᠪᠥᠬᠦ ᠶᠠᠪᠤᠴᠠ ᠳᠤ ᠨᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠬᠡᠨ ᠭᠡᠷᠡᠴᠢᠯᠡᠭᠡ ᠭᠠᠷᠭᠠᠪᠠᠯ ᠲᠡᠷᠡ ᠬᠠᠷᠢᠭᠤᠴᠠᠵᠤ᠂ ᠬᠡᠨ ᠭᠠᠷ ᠤᠨ ᠦᠰᠦᠭ ᠵᠢᠷᠤᠪᠠᠯ ᠲᠡᠷᠡ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢᠨ ᠬᠢᠨ ᠤ ᠠᠮᠠᠯᠠᠯᠲᠠ ᠪᠠᠨ ᠢᠯᠡ ᠪᠣᠯᠭᠠᠬᠤ ᠪᠠ ᠮᠡᠳᠡᠭᠡ ᠵᠠᠩᠭᠢ ᠪᠠᠨ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠦᠨ᠂ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠵᠤ᠂ ᠡᠭᠦᠷᠢᠳᠡ ᠪᠤᠴᠠᠭᠠᠨ ᠭᠠᠷᠭᠠᠬᠤ ᠪᠠ ᠨᠠᠰᠤᠨ ᠲᠤᠷᠰᠢᠲᠠ ᠨᠢ ᠬᠤᠷᠢᠭᠯᠠᠬᠤ ᠵᠡᠷᠭᠡ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠶᠠᠪᠤᠴᠠ ᠳᠠᠬᠢ ᠪᠠᠶᠢᠭᠤᠯᠤᠮᠵᠢ ᠪᠣᠯᠣᠨ ᠠᠵᠢᠯᠲᠠᠳ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠪᠣᠯᠣᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠳᠤ ᠳᠠᠷᠦ᠋ᠢᠬᠠᠨ ᠶᠠᠪᠤᠭᠤᠯᠵᠤ᠂ ᠰᠠᠯᠠᠭ᠎ᠠ ᠮᠥᠴᠢᠷ ᠤᠳ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠂ ᠬᠠᠤᠯᠢ ᠠᠴᠠ ᠵᠥᠷᠢᠴᠡᠵᠦ ᠢᠲᠡᠭᠡᠯ ᠠᠯᠳᠠᠬᠤ ᠥᠪᠡᠷ ᠤᠨ ᠥᠷᠲᠡᠭ ᠢ ᠨᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠣᠯᠤᠭ᠎ᠠ︶ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠬᠦ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ      17. ᠠᠵᠢᠯ ᠲᠥᠷᠥᠯ ᠤᠨ ᠬᠢᠨ ᠤ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠨ᠎ᠠ᠃ ᠨᠡᠶᠢᠭᠡᠮ ᠤᠨ ᠬᠦᠴᠦᠨ ᠤ ᠬᠢᠨ ᠢ ᠵᠣᠷᠢᠬᠵᠢᠭᠤᠯᠬᠤ ᠪᠠ ᠳᠡᠮᠵᠢᠵᠦ ᠪᠠᠶᠢᠭᠠᠳ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠲᠤᠬᠠᠶᠢᠯᠠᠭᠰᠠᠨ ᠠᠵᠢᠯ ᠥᠷᠨᠢᠭᠦᠯᠦᠨ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠢ ᠪᠣᠯᠭᠠᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠤᠪᠣᠷ ᠰᠢᠷᠣᠢ᠂ ᠲᠣᠨᠤᠭ ᠲᠥᠬᠦᠭᠡᠷᠦᠮᠵᠢ ᠦᠢᠯᠡᠳᠬᠦ᠂ ᠪᠠᠷᠢᠯᠭ᠎ᠠ ᠶᠢᠨ ᠠᠵᠢᠯ ᠪᠣᠯᠣᠨ ᠮᠠᠲ᠋ᠧᠷᠢᠶᠠᠯ ᠵᠡᠷᠭᠡ ᠠᠵᠢᠯ ᠲᠥᠷᠥᠯ ᠢ ᠵᠣᠷᠢᠬᠵᠢᠭᠤᠯᠵᠤ ᠪᠠᠶᠢᠭᠠᠳ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠬᠢᠭᠡᠳ ᠠᠵᠤ ᠦᠢᠯᠡᠰ ᠤᠨ ᠠᠵᠤ ᠠᠬᠤᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      18. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠣᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠦᠢᠯᠡᠳᠬᠦᠨ ᠤ ᠶᠠᠰᠤ ᠴᠢᠨᠠᠷ ᠢ ᠵᠠᠳᠠᠯᠤᠨ ᠲᠤᠷᠰᠢᠬᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠮᠡᠷᠭᠡᠵᠢᠯ ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠪᠠᠷᠢᠮᠵᠢᠶᠠᠵᠢᠭᠤᠯᠤᠨ ᠤᠯᠠᠷᠢᠭᠤᠯᠬᠤ ᠶᠢᠨ ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠦᠢᠯᠡᠴᠢᠯᠡᠬᠦ ᠲᠥᠷᠥᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠲᠥᠪ ᠢ ᠪᠠᠶᠢᠭᠤᠯᠤᠨ᠎ᠠ᠃ ᠨᠡᠭᠡᠭᠡᠨ ᠬᠥᠭᠵᠢᠭᠦᠯᠬᠦ ᠲᠣᠭᠤᠷᠢᠭ ᠪᠤᠶᠤ ᠠᠵᠤ ᠦᠢᠯᠡᠰ ᠤᠨ ᠪᠥᠭᠡᠮᠨᠡᠷᠡᠯ ᠤᠨ ᠲᠣᠭᠤᠷᠢᠭ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ  ᠪᠠᠶᠢᠭᠤᠯᠤᠯᠲᠠ  ᠶᠢ  ᠴᠢᠩᠭᠠᠳᠬᠠᠨ᠎ᠠ᠃ 2019 ᠣᠨ ᠪᠣᠯᠬᠤ ᠳᠤ ᠪᠥᠬᠦ ᠣᠷᠣᠨ ᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠭᠡ ᠵᠡᠷᠭᠡ ᠮᠡᠷᠭᠡᠵᠢᠯ ᠤᠨ ᠦᠢᠯᠡᠴᠢᠯᠡᠭᠡ ᠶᠢᠨ ᠨᠢᠭᠡ ᠴᠣᠭᠴᠠᠵᠢᠭᠰᠠᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠂ ︽ᠰᠦᠯᠵᠢᠶ᠎ᠡ ᠶᠢ ᠰᠦᠯᠵᠢᠶ᠎ᠡ ᠳᠤ ᠴᠢᠭᠯᠡᠭᠦᠯᠵᠦ ᠰᠦᠯᠵᠢᠶ᠎ᠡ ᠪᠠᠷ ᠭᠦᠢᠴᠡᠳᠭᠡᠬᠦ ︵ᠭᠤᠶᠤᠴᠢᠯᠠᠬᠤ︶︾ ᠪᠣᠯᠭᠠᠨ᠎ᠠ᠃ 2020 ᠣᠨ ᠪᠣᠯᠬᠤ ᠳᠤ᠂ ᠪᠥᠬᠦ ᠣᠷᠣᠨ ᠳᠤ ᠤᠯᠤᠰ ᠤᠨ ᠳᠡᠰ ᠤᠨ ᠶᠠᠰᠤ ᠴᠢᠨᠠᠷ ᠢ ᠪᠠᠶᠢᠴᠠᠭᠠᠬᠤ ︵ᠬᠡᠮᠵᠢᠬᠦ︶ ᠲᠥᠪ ᠢ 11 ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠰᠤ ᠴᠢᠨᠠᠷ ᠢ ᠪᠠᠶᠢᠴᠠᠭᠠᠬᠤ ᠲᠥᠪ ᠢ 25 ᠪᠣᠯᠭᠠᠨ᠂ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠣᠯᠠᠨ ᠨᠡᠶᠢᠲᠡ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠴᠢᠳᠠᠪᠤᠷᠢ ᠶᠢ ᠨᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ  ᠬᠤᠪᠢᠶᠠᠷᠢᠯᠠᠯ  ᠶᠣᠰᠣᠭᠠᠷ  ᠬᠠᠷᠢᠭᠤᠴᠠᠨ᠎ᠠ︶      19. ᠶᠠᠰᠤ ᠴᠢᠨᠠᠷ ᠤᠨ ᠭᠡᠷᠡᠴᠢᠯᠡᠭᠡ ᠶᠢᠨ ᠲᠠᠯ᠎ᠠ ᠪᠠᠷ ᠤᠯᠠᠨ ᠤᠯᠤᠰ ᠯᠤᠭ᠎ᠠ ᠬᠠᠮᠲᠤᠷᠠᠨ ᠠᠵᠢᠯᠯᠠᠬᠤ ᠶᠢ ᠭᠦᠨᠵᠡᠭᠡᠶᠢᠷᠡᠭᠦᠯᠦᠨ᠎ᠡ᠃ ᠣᠷᠣᠰ ᠮᠣᠩᠭᠤᠯ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠴᠣᠭᠴᠠᠯᠠᠨ ᠪᠠᠶᠢᠭᠤᠯᠤᠨ᠎ᠠ᠃ ᠣᠷᠣᠨ ᠤ ᠳᠣᠲᠣᠷᠠᠬᠢ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠣᠯᠠᠨ ᠤᠯᠤᠰ ᠤᠨ ᠲᠤᠬᠠᠶᠢᠯᠠᠭᠰᠠᠨ ᠠᠵᠢᠯ ᠢ ᠥᠷᠭᠡᠳᠬᠡᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠬᠢᠭᠡᠳ ᠭᠠᠳᠠᠭᠠᠳᠤ ᠳᠤ ᠪᠡᠯᠡ ᠣᠷᠣᠭᠤᠯᠵᠤ ᠲᠣᠬᠢᠷᠠᠭᠤᠯᠬᠤ᠂ ᠪᠦᠲᠦᠭᠡᠨ ᠪᠠᠶᠢᠭᠤᠯᠬᠤ ᠲᠥᠷᠥᠯ ᠵᠦᠢᠯ ᠳᠤ ᠲᠦᠬᠦᠷᠵᠢᠭᠦᠯᠦᠨ ᠦᠢᠯᠡᠴᠢᠯᠡᠬᠦ ᠶᠢ ᠠᠬᠢᠭᠤᠯᠤᠨ᠎ᠠ᠃ ᠣᠯᠠᠨ ᠤᠯᠤᠰᠴᠢᠯᠠᠭᠰᠠᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠴᠢᠳᠠᠪᠤᠷᠢᠲᠠᠨ ᠢ ᠬᠥᠮᠥᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ︽ᠭᠠᠷᠴᠤ ᠶᠠᠪᠤᠬᠤ︾  ᠠᠯᠬᠤᠴᠠ  ᠶᠢ  ᠲᠦᠷᠭᠡᠳᠬᠡᠨ᠎ᠡ᠃ ᠭᠠᠳᠠᠭᠠᠳᠤ ᠳᠤ ᠭᠠᠷᠭᠠᠬᠤ ᠢᠳᠡᠭᠡᠨ ᠤ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠨᠢ ᠬᠠᠮᠢᠶ᠎ᠠ ᠪᠦᠬᠦᠢ ᠤᠯᠤᠰ ᠤᠨ ᠠᠯᠪᠠᠨ ᠤ ᠲᠠᠯ᠎ᠠ ᠶᠢᠨ ᠳᠠᠩᠰᠠᠯᠠᠯ ᠵᠢᠴᠢ ᠮᠠᠨ ᠤ ᠤᠯᠤᠰ ᠲᠤ ᠭᠠᠷᠭᠠᠬᠤ ᠪᠠᠷ ᠪᠠᠶᠢᠭ᠎ᠠ ᠢᠳᠡᠭᠡᠨ ᠤ ᠤᠯᠤᠰ ᠤᠨ ᠭᠠᠳᠠᠭᠠᠳᠤ ᠳᠤ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠮᠡᠷᠭᠡᠵᠢᠯ ᠤᠨ ᠬᠢᠨᠠᠨ ᠲᠣᠭᠲᠠᠭᠠᠯᠲᠠ ᠶᠢ ᠣᠯᠬᠤ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠨᠢ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠠᠵᠢᠯ ᠤᠨ ᠲᠥᠰᠥᠯ ᠲᠣᠭᠲᠠᠭᠠᠨ᠂ ᠲᠥᠬᠦᠷ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠶᠡᠷᠦᠩᠬᠡᠶᠢᠯᠡᠨ ᠬᠠᠮᠢᠶᠠᠷᠬᠤ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠥᠰᠥᠯ ᠳᠠᠬᠢ ᠡᠭᠦᠷᠭᠡ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠡᠭᠦᠷᠭᠡ ᠶᠢᠨ ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠲᠡᠢ᠃      ︵ᠬᠤᠶᠠᠷ︶ ᠶᠡᠷᠦᠩᠬᠡᠶᠢᠯᠡᠨ ᠪᠠᠲᠤᠯᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠷᠭ᠎ᠠ ᠬᠡᠮᠵᠢᠶ᠎ᠡ ᠠᠷᠭ᠎ᠠ ᠪᠠᠷᠢᠯ ᠲᠣᠭᠲᠠᠭᠠᠨ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠨᠥᠬᠦᠴᠡᠯ ᠳᠤ ᠨᠡᠶᠢᠴᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠨᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠯᠭᠠᠬᠤ ᠪᠠ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠬᠦ ᠬᠡᠷᠡᠭᠲᠡᠢ︔ ᠠᠵᠤ ᠦᠢᠯᠡᠰ ᠪᠥᠭᠡᠮᠨᠡᠷᠡᠭᠰᠡᠨ ᠭᠠᠵᠠᠷ ᠣᠷᠣᠨ ᠳᠠᠬᠢ ᠡᠯ᠎ᠡ ᠲᠥᠷᠥᠯ ᠤᠨ ᠥᠮᠴᠢᠯᠡᠯᠲᠦ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠲᠥᠪ ᠪᠠᠶᠢᠭᠤᠯᠬᠤ ᠬᠡᠷᠡᠭᠲᠡᠢ︔ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠳᠡᠮᠵᠢᠬᠦ ᠬᠡᠷᠡᠭᠲᠡᠢ︔ ᠣᠷᠣᠨ ᠤ ᠳᠣᠲᠣᠷᠠᠬᠢ ᠳᠡᠭᠡᠳᠦ ᠰᠤᠷᠭᠠᠭᠤᠯᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠠᠮᠢᠶ᠎ᠠ ᠪᠦᠬᠦᠢ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠪᠠᠶᠢᠷᠢᠯᠠᠭᠤᠯᠬᠤ ᠶᠢ ᠳᠡᠮᠵᠢᠬᠦ ᠬᠡᠷᠡᠭᠲᠡᠢ︔ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃      ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ᠂ ᠰᠦᠯᠵᠢᠶᠡᠨ ᠤ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠤᠯᠠᠮᠵᠢᠯᠠᠨ ᠨᠡᠪᠲᠡᠷᠡᠭᠦᠯᠬᠦ ᠠᠷᠭ᠎ᠠ ᠬᠡᠯᠪᠡᠷᠢ ᠶᠢ ᠭᠦᠢᠴᠡᠳ ᠠᠰᠢᠭᠯᠠᠨ᠂ ᠶᠠᠰᠤ ᠴᠢᠨᠠᠷ ᠤᠨ ᠰᠣᠶᠣᠯ ᠢ ᠪᠠᠳᠠᠷᠠᠭᠠᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠤᠨ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠤᠯᠠᠮᠵᠢᠯᠠᠨ ᠳᠠᠮᠵᠢᠭᠤᠯᠵᠤ᠂ ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠯᠭᠡ ᠶᠢ ᠲᠥᠬᠡᠮᠡᠯᠵᠢᠭᠦᠯᠦᠨ᠂ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠤᠭᠰᠠᠨ ᠡᠯᠪᠡᠭ ᠦᠢᠯᠡᠳᠦᠯᠭᠡ᠂ ᠢᠳᠡᠪᠬᠢᠲᠡᠢ ᠠᠮᠵᠢᠯᠲᠠ᠂ ᠲᠡᠷᠢᠭᠦᠨ ᠤ ᠨᠡᠶᠢᠲᠡᠯᠢᠭ ᠢ ᠭᠦᠨᠵᠡᠭᠡᠶᠢᠷᠡᠨ ᠮᠡᠳᠡᠭᠡᠯᠡᠵᠦ᠂ ᠶᠠᠰᠤ ᠴᠢᠨᠠᠷ ᠤᠨ ᠭᠡᠷᠡᠴᠢᠯᠡᠭᠡ ᠣᠯᠣᠭᠰᠠᠨ ᠠᠵᠤ ᠠᠬᠤᠶᠢᠯᠠᠯ ᠤᠨ ᠲᠤᠷᠰᠢᠯᠭ᠎ᠠ ᠶᠢ ᠳᠡᠯᠭᠡᠷᠡᠭᠦᠯᠦᠨ᠂ ᠬᠡᠷᠡᠭᠯᠡᠭᠡ ᠶᠢ ᠵᠣᠬᠢᠰᠲᠠᠢ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠤᠷᠮᠠᠰᠢᠭᠤᠯᠤᠨ ᠬᠥᠭᠵᠢᠭᠡᠬᠦ ᠬᠡᠷᠡᠭᠲᠡᠢ᠃      ︵ᠳᠥᠷᠪᠡ︶ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠤ ᠬᠢᠨ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠤᠨ᠂ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠠᠶᠢᠵᠢᠨ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠮᠳᠠᠭᠤᠯᠵᠤ ᠪᠠᠶᠢᠴᠠᠭᠠᠬᠤ ᠶᠢ ᠴᠢᠩᠭᠠᠷᠠᠭᠤᠯᠤᠨ᠂ ᠪᠣᠳᠠᠲᠠᠢ ᠠᠵᠢᠯ ᠳᠤ ᠲᠣᠬᠢᠶᠠᠯᠳᠤᠭᠰᠠᠨ ᠬᠦᠴᠢᠷᠳᠡᠯ ᠪᠣᠯᠣᠨ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠤᠷᠲᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠭᠡᠷᠡᠴᠢᠯᠡᠭᠡ ᠶᠢᠨ ᠠᠵᠢᠯ ᠢ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠥᠷᠨᠢᠭᠦᠯᠬᠦ ᠶᠢᠨ ᠴᠢᠬᠤᠯᠠ ᠠᠷᠭ᠎ᠠ ᠬᠢᠳᠡᠯ ᠪᠣᠯᠭᠠᠨ᠂ ᠠᠬᠢᠭᠤᠯᠬᠤ ᠡᠷᠴᠢᠮ ᠢᠶᠠᠨ ᠴᠢᠩᠭᠠᠳᠬᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠬᠦ ᠶᠢ ᠠᠬᠢᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ