| ᠦᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ | ᠵᠠᠰᠠᠬᠤ ᠣᠷᠣᠨ ᠤ ᠣᠶᠣᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠭᠤᠣᠯᠯᠠᠨ ᠡᠷᠬᠢᠯᠡᠭᠰᠡᠨ ︽ | ᠪᠢᠳᠠᠨ ᠤ ᠳᠤᠮᠳᠠᠳᠤ ᠶᠢᠨ ᠵᠡᠭᠦᠳᠦ︾ — ᠰᠣᠶᠣᠯ ᠢ ᠲᠦᠮᠡᠨ ᠡᠷᠦᠬᠡ ᠳᠤ ᠬᠦᠷᠭᠡᠬᠦ ᠠᠵᠢᠯᠯᠠᠭ᠎ᠠ ᠥᠪᠥᠷ | ᠮᠣᠩᠭᠤᠯ ᠤᠨ ᠮᠦᠽᠧᠶ ᠶᠢᠨ ᠡᠷᠳᠡᠨᠢ ᠶᠢᠨ ᠬᠦᠯᠢᠰ ᠠᠭᠤᠳᠠᠮ ᠲᠠᠯᠠᠪᠠᠢ ᠳᠤ ᠡᠬᠢᠯᠡᠪᠡ᠃ | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠂ ᠪᠦᠬᠦ | ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠵᠡᠭᠦᠳᠦ ᠶᠢᠨ ᠲᠤᠬᠠᠶ ᠤᠬᠠᠭᠤᠯᠭ᠎ᠠ ᠬᠥᠮᠦᠵᠢᠯ ᠢ | ᠭᠦᠨᠵᠡᠭᠡᠶᠢᠷᠡᠭᠦᠯᠦᠨ᠂ ︽ᠠᠷᠠᠳ ᠲᠦᠮᠡᠨ ᠤ ᠳᠤᠮᠳᠠ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ︾ | ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠤ᠂ ᠥᠷᠭᠡᠨ ᠤᠯᠠᠨ ᠰᠣᠶᠣᠯ ᠤᠳᠬ᠎ᠠ ᠤᠷᠠᠯᠢᠭ ᠤᠨ ᠠᠵᠢᠯᠲᠠᠳ ᠢ ᠬᠦᠲᠦᠯᠦᠨ ᠵᠢᠯᠣᠭᠤᠳᠴᠤ ᠪᠠᠶᠢᠭᠠᠳ | ᠦᠨᠳᠦᠰᠦᠨ ᠱᠠᠲᠤᠨ ᠳᠤ ᠬᠠᠨᠳᠤᠭᠤᠯᠵᠤ᠂ ᠤᠯᠠᠨ ᠲᠦᠮᠡᠨ ᠳᠤ ᠦᠢᠯᠡᠴᠢᠯᠡᠨ᠂ ᠠᠷᠠᠳ ᠣᠯᠠᠨ ᠤ ᠰᠣᠶᠣᠯ ᠤᠨ | ᠠᠮᠢᠳᠤᠷᠠᠯ ᠤᠨ ᠰᠢᠨ᠎ᠡ ᠬᠡᠷᠡᠭᠴᠡᠭᠡ᠂ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠶᠠᠪᠤᠳᠠᠯ | ᠪᠣᠯᠣᠨ᠎ᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠤᠯᠠᠭᠠᠨᠮᠥ᠋ᠴᠢᠷ ᠤᠨ ᠭᠤᠷᠪᠠᠨ ᠲᠣᠭᠯᠠᠭᠴᠢ ᠦᠵᠡᠭᠴᠢᠳ ᠲᠤ ᠭᠤᠶᠣ ᠰᠠᠶᠢᠬᠠᠨ ᠲᠠᠯ᠎ᠠ ᠨᠤᠲᠤᠭ ᠤᠨ | ᠳᠠᠭᠤᠤ ᠶᠢ ᠳᠠᠭᠤᠯᠠᠵᠤ ᠥᠭᠪᠡ᠃ ᠣᠶᠢᠯᠠᠭᠠᠭᠰᠠᠨ ᠢᠶᠠᠷ᠂ ︽ᠪᠢᠳᠠᠨ ᠤ ᠳᠤᠮᠳᠠᠳᠤ ᠶᠢᠨ ᠵᠡᠭᠦᠳᠦ︾ — | ᠰᠣᠶᠣᠯ ᠢ ᠲᠦᠮᠡᠨ ᠡᠷᠦᠬᠡ ᠳᠤ ᠬᠦᠷᠭᠡᠬᠦ ᠠᠵᠢᠯᠯᠠᠭ᠎ᠠ ᠨᠢ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ | ᠠᠶᠢᠮᠠᠭ ᠬᠤᠲᠠ᠂ ᠬᠤᠰᠢᠭᠤ ᠰᠢᠶᠠᠨ ᠢᠶᠠᠷ ᠭᠤᠣᠯ ᠪᠣᠯᠭᠠᠵᠤ᠂ ︽ᠠᠷᠠᠳ ᠲᠦᠮᠡᠨ ᠤ ᠳᠤᠮᠳᠠ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ︾ ᠦᠨᠳᠦᠰᠦᠨ ᠱᠠᠲᠤᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠦᠷᠨᠢᠭᠦᠯᠬᠦ ᠪᠣᠯᠤᠨ᠎ᠠ︔ ᠡᠯ᠎ᠡ ᠱᠠᠲᠤᠨ ᠤ | ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠡᠯᠡᠳᠬᠡᠮᠵᠢ ᠶᠢ ᠠᠰᠢᠭᠯᠠᠨ᠂ ᠨᠡᠭᠦᠳᠡᠯ | ᠦᠢᠯᠡᠴᠢᠯᠡᠭᠡ᠂ ᠰᠦᠯᠵᠢᠶᠡᠨ ᠤ ᠦᠢᠯᠡᠴᠢᠯᠡᠭᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠷᠠᠳ ᠲᠤ ᠠᠰᠢᠭ | ᠬᠦᠷᠲᠡᠭᠡᠬᠦ᠂ ᠠᠷᠠᠳ ᠲᠤ ᠦᠢᠯᠡᠴᠢᠯᠡᠬᠦ᠂ ᠠᠷᠠᠳ ᠢ ᠪᠠᠶᠠᠰᠬᠠᠬᠤ ᠰᠣᠶᠣᠯ ᠤᠨ ᠦᠢᠯᠡᠴᠢᠯᠡᠭᠡᠨ ᠤ ᠲᠦᠷᠦᠯ ᠵᠦᠢᠯ ᠢ | ᠦᠷᠨᠢᠭᠦᠯᠬᠦ ᠪᠣᠯᠣᠨ᠎ᠠ︔ ᠡᠯ᠎ᠡ ᠱᠠᠲᠤᠨ ᠤ ᠤᠯᠠᠭᠠᠨᠮᠥ᠋ᠴᠢᠷ ᠪᠣᠯᠣᠨ ᠦᠨᠳᠦᠰᠦᠨ ᠱᠠᠲᠤᠨ ᠤ ᠤᠳᠬ᠎ᠠ ᠤᠷᠠᠯᠢᠭ ᠤᠨ | ᠬᠦᠷᠢᠶᠡᠯᠡᠩ ᠪᠦᠯᠬᠦᠮ᠂ ᠬᠥᠳᠡᠭᠡ ᠲᠣᠰᠬᠤᠨ ᠤ ᠺᠢᠨᠣ᠋ ᠭᠠᠷᠭᠠᠬᠤ ᠠᠩᠭᠢ᠂ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠭᠴᠢ ︵ᠪᠦᠯᠬᠦᠮ︶ ᠶᠢ ᠵᠣᠬᠢᠶᠠᠨ ᠪᠠᠶᠢᠭᠤᠯᠵᠤ ᠪᠠᠶᠢᠭᠠᠳ ᠣᠯᠠᠨ ᠲᠦᠮᠡᠨᠴᠢ ᠴᠢᠨᠠᠷᠲᠠᠶ | ᠰᠣᠶᠣᠯ ᠤᠨ ᠠᠵᠢᠯᠯᠠᠭ᠎ᠠ ᠶᠢ ᠦᠷᠨᠢᠭᠦᠯᠦᠨ᠎ᠡ︔ ᠡᠯ᠎ᠡ ᠲᠥᠷᠥᠯ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠳᠡᠭᠡᠷ᠎ᠡ | ᠮᠣᠩᠭᠤᠯ ᠬᠢᠲᠠᠳ ᠬᠡᠯᠡᠨ ᠤ ᠱᠤᠭ ᠵᠦᠴᠦᠭᠡ᠂ ᠬᠠᠮᠲᠤᠷᠠᠭᠰᠠᠨ ᠨᠠᠶᠢᠷ ᠵᠡᠷᠭᠡ ᠤᠷᠠᠨ ᠰᠠᠶᠢᠬᠠᠨ ᠤ ᠲᠣᠭᠯᠠᠯᠲᠠ | ᠭᠠᠷᠭᠠᠵᠤ᠂ ᠦᠨᠳᠦᠰᠦᠨ ᠱᠠᠲᠤᠨ ᠤ ᠬᠡᠷᠡᠭᠴᠡᠭᠡ ᠳᠤ ᠲᠣᠬᠢᠷᠠᠭᠰᠠᠨ ᠣᠨᠴᠠᠯᠢᠭᠲᠤ ᠰᠣᠶᠣᠯ ᠤᠨ ᠪᠦᠲᠦᠭᠡᠭᠳᠡᠬᠦᠨ ᠢ | ᠵᠣᠬᠢᠶᠠᠨ ᠪᠦᠲᠦᠭᠡᠬᠦ ᠪᠣᠯᠣᠨ᠎ᠠ᠃ | | |