ᠪᠠᠶᠠᠨᠨᠠᠭᠤᠷ ᠬᠤᠲᠠ ᠶᠢᠨ ᠭᠠᠵᠠᠷ ᠰᠢᠷᠣᠶ ᠶᠢᠨ ᠡᠷᠭᠢᠯᠲᠡ ᠶᠢᠨ ᠪᠠᠶᠢᠳᠠᠯ᠄ ᠲᠠᠷᠢᠶᠠᠯᠠᠩ ᠤᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠪᠡ
ᠨᠡᠶᠢᠲᠡᠯᠡᠭᠰᠡᠨ ᠴᠠᠭ᠄
2019/1/8
     2008 ᠣᠨ ᠠᠴᠠ ᠡᠬᠢᠯᠡᠨ᠂ ᠪᠠᠶᠠᠨᠨᠠᠭᠤᠷ ᠬᠤᠲᠠ ᠭᠠᠵᠠᠷ ᠰᠢᠷᠣᠶ ᠶᠢᠨ ᠡᠷᠭᠢᠯᠲᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠤᠳᠤ ᠪᠣᠯᠲᠠᠯ᠎ᠠ ᠡᠷᠭᠢᠯᠲᠡ ᠳᠤ ᠣᠷᠤᠭᠰᠠᠨ ᠭᠠᠵᠠᠷ ᠰᠢᠷᠣᠶ ᠨᠢ ᠨᠢᠭᠡᠨᠲᠡ 294 ᠲᠦᠮᠡᠨ ᠮᠥ ᠳᠤ ᠬᠦᠷᠴᠦ᠂ ᠲᠠᠷᠢᠶᠠᠨ ᠭᠠᠵᠠᠷ ᠤᠨ ᠶᠡᠷᠦᠩᠬᠡᠶ ᠬᠡᠮᠵᠢᠶᠡᠨ ᠤ 27% ᠣᠷᠴᠢᠮ ᠢ ᠡᠵᠡᠯᠡᠨ᠂ ᠡᠭᠦᠨ ᠳᠤ ᠲᠠᠷᠢᠶᠠᠴᠢᠳ ᠤᠨ ᠬᠤᠷᠰᠢᠶᠠᠵᠢᠯ 5454 ᠡᠷᠦᠬᠡ᠂ ᠵᠠᠭᠤ ᠮᠥ ᠠᠴᠠ ᠳᠡᠭᠡᠭᠰᠢ ᠲᠠᠷᠢᠮᠠᠯ ᠤᠨ ᠲᠤᠮᠤ ᠡᠷᠦᠭᠡ 2.14 ᠡᠷᠦᠬᠡ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 280 ᠪᠠᠶᠢᠨ᠎ᠠ᠃ ᠪᠠᠶᠠᠨᠨᠠᠭᠤᠷ ᠬᠤᠲᠠ ᠨᠢ 2008 ᠣᠨ ᠳᠤ ᠭᠠᠵᠠᠷ ᠰᠢᠷᠣᠶ ᠶᠢᠨ ᠡᠷᠭᠢᠯᠲᠡ ᠶᠢᠨ ᠲᠥᠷᠥ ᠶᠢᠨ ᠪᠣᠳᠣᠯᠭ᠎ᠠ ᠶᠢ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠭᠢᠯᠲᠡ ᠪᠣᠯᠣᠨ ᠬᠡᠪᠴᠢᠶᠡᠵᠢᠭᠦᠯᠬᠦ ᠡᠵᠡᠩᠨᠡᠯᠲᠡ ᠶᠢ ᠲᠦᠯᠬᠢᠨ ᠠᠬᠢᠭᠤᠯᠬᠤ ᠪᠠᠷ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ᠣᠳᠣᠬᠢᠴᠢᠯᠠᠭᠰᠠᠨ ᠬᠥᠳᠡᠭᠡ ᠠᠵᠤ ᠠᠬᠤᠶ ᠶᠢ ᠬᠥᠭᠵᠢᠭᠦᠯᠬᠦ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠥᠷᠭᠡᠳᠬᠡᠬᠦ ᠶᠢᠨ ᠴᠢᠬᠤᠯᠠ ᠨᠢᠭᠡ ᠠᠷᠭ᠎ᠠ ᠬᠡᠮᠵᠢᠶ᠎ᠡ ᠪᠣᠯᠭᠠᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠭᠤᠯᠬᠤ ᠶᠢ ᠬᠥᠲᠥᠯᠥᠨ ᠵᠢᠯᠣᠭᠤᠳᠪᠠ᠃      ᠪᠠᠶᠠᠨᠨᠠᠭᠤᠷ ᠬᠤᠲᠠ ᠶᠢᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠠᠪᠤᠳᠠᠯ ᠲᠦᠷᠪᠡᠨ ᠵᠦᠢᠯ ᠤᠨ ᠵᠠᠭᠪᠤᠷ ᠲᠠᠢ ᠪᠠᠶᠢᠨ᠎ᠠ᠄ ᠨᠢᠭᠡ ᠳᠤ ᠳᠠᠷᠢᠵᠤ ᠲᠡᠵᠢᠭᠡᠬᠦ ᠲᠣᠮᠣ ᠡᠷᠦᠬᠡ ᠳᠠᠶᠢᠴᠢᠯᠠᠨ ᠳᠠᠭᠠᠭᠤᠯᠬᠤ ᠬᠡᠯᠪᠡᠷᠢ ᠪᠣᠯᠤᠨ᠎ᠠ᠃ ᠲᠠᠷᠢᠮᠠᠯ ᠤᠨ ᠲᠤᠮᠤ ᠡᠷᠦᠭᠡ ᠪᠣᠯᠣᠨ ᠲᠡᠵᠢᠭᠡᠨ ᠦᠷᠡᠵᠢᠭᠦᠯᠬᠦ ᠲᠣᠮᠣ ᠡᠷᠦᠬᠡ ᠡᠷᠭᠢᠯᠲᠡ ᠶᠢᠨ ᠭᠠᠵᠠᠷ ᠰᠢᠷᠣᠶ ᠶᠢ ᠬᠡᠪᠴᠢᠶᠡᠵᠢᠭᠦᠯᠦᠨ ᠡᠵᠡᠩᠨᠡᠬᠦ ᠶᠢ ᠬᠡᠷᠡᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠬᠦ ᠶᠢᠨ ᠬᠠᠮᠲᠤ ᠡᠷᠭᠢᠨ ᠲᠣᠭᠤᠷᠢᠨ ᠤ ᠲᠠᠷᠢᠶᠠᠴᠢᠨ ᠡᠷᠦᠬᠡ ᠨᠦᠭᠦᠳ ᠢ ᠳᠠᠶᠢᠴᠢᠯᠠᠨ ᠬᠠᠮᠲᠤᠪᠠᠷ ᠪᠠᠶᠠᠵᠢᠵᠠᠢ︔ ᠬᠤᠶᠠᠷ ᠲᠤ ᠠᠵᠤ ᠠᠬᠤᠶᠢᠯᠠᠯ ᠤᠨ ᠲᠦᠷᠢᠶᠡᠰᠦᠯᠡᠨ ᠡᠵᠡᠩᠨᠡᠬᠦ ᠬᠡᠯᠪᠡᠷᠢ ᠪᠣᠯᠣᠨ᠎ᠠ᠃ ᠡᠳ᠋ᠰᠢᠭᠦᠯᠦᠨ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠣᠨ ᠲᠠᠷᠢᠶᠠᠯᠠᠩ ᠤᠨ ᠺᠣᠮᠫᠠᠨᠢ ᠲᠦᠷᠢᠶᠡᠰᠦᠯᠡᠬᠦ ᠠᠷᠭ᠎ᠠ ᠪᠠᠷ ᠳᠠᠮᠵᠢᠨ ᠭᠠᠵᠠᠷ ᠰᠢᠷᠣᠶ ᠶᠢ ᠲᠥᠪᠯᠡᠷᠡᠭᠦᠯᠵᠦ ᠪᠠᠶᠢᠭᠠᠳ ᠬᠡᠪᠴᠢᠶᠡᠲᠦ ᠡᠵᠡᠩᠨᠡᠯᠲᠡ ᠬᠢᠵᠦ᠂ ᠪᠠᠷᠢᠮᠵᠢᠶᠠᠵᠢᠭᠤᠯᠤᠭᠰᠠᠨ ᠲᠦᠭᠦᠬᠡᠶ ᠮᠠᠲ᠋ᠧᠷᠢᠶᠠᠯ ᠪᠣᠯᠤᠨ ᠲᠡᠵᠢᠭᠡᠯ ᠪᠣᠷᠳᠤᠭ᠎ᠠ ᠶᠢᠨ ᠰᠠᠭᠤᠷᠢᠨ ᠭᠠᠵᠠᠷ ᠪᠠᠶᠢᠭᠤᠯᠵᠠᠢ︔ ᠭᠤᠷᠪᠠ ᠳᠤ ᠬᠤᠷᠰᠢᠶᠠᠵᠢᠯ ᠤᠨ ᠳᠠᠶᠢᠴᠢᠯᠠᠨ ᠳᠠᠭᠠᠭᠤᠯᠬᠤ ᠬᠡᠯᠪᠡᠷᠢ ᠪᠣᠯᠤᠨ᠎ᠠ᠃ ᠮᠠᠯᠴᠢᠨ ᠲᠠᠷᠢᠶᠠᠴᠢᠳ ᠲᠤᠰᠬᠠᠶ ᠬᠤᠷᠰᠢᠶᠠᠵᠢᠯ ᠢ ᠵᠣᠬᠢᠶᠠᠨ ᠪᠠᠶᠢᠭᠤᠯᠬᠤ ᠪᠠᠷ ᠳᠠᠮᠵᠢᠨ ᠵᠣᠬᠢᠶᠠᠨ ᠪᠠᠶᠢᠭᠤᠯᠤᠯᠲᠠ ᠶᠢᠨ ᠲᠥᠪᠰᠢᠨ ᠢᠶᠠᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠲᠦᠭᠰᠢᠭᠦᠷᠢ ᠪᠣᠯᠣᠨ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠨᠡᠮᠡᠭᠳᠡᠭᠦᠯᠵᠡᠢ ︔ ᠳᠥᠷᠪᠡ ᠳᠤ ᠭᠠᠵᠠᠷ ᠰᠢᠷᠣᠶ ᠶᠢ ᠬᠤᠳᠠᠯᠳᠤᠨ ᠠᠪᠴᠤ ᠨᠦᠬᠡᠴᠡᠯᠡᠬᠦ ᠶᠢ ᠣᠷᠣᠯᠠᠨ ᠬᠠᠮᠢᠶᠠᠷᠬᠤ ᠪᠣᠯᠣᠨ᠎ᠠ᠃ ᠰᠤᠮᠤ ᠪᠠᠯᠭᠠᠰᠤ ᠲᠠᠷᠢᠶᠠᠴᠢᠳ ᠤᠨ ᠭᠠᠵᠠᠷ ᠰᠢᠷᠣᠶ ᠶᠢ ᠲᠥᠪᠯᠡᠷᠡᠭᠦᠯᠦᠨ ᠬᠤᠳᠠᠯᠳᠤᠨ ᠠᠪᠴᠤ ᠨᠥᠭᠡᠴᠡᠯᠡᠵᠦ᠂ ᠲᠠᠷᠢᠶᠠᠯᠠᠩ ᠤᠨ ᠺᠣᠮᠫᠠᠨᠢ ᠳᠤ ᠨᠢᠭᠡᠳᠦᠯᠲᠡᠶ ᠪᠠᠷ ᠲᠦᠷᠢᠶᠡᠰᠦᠯᠡᠨ ᠥᠭᠴᠥ᠂ ᠣᠷᠭᠠᠨᠢᠭ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠠᠢ᠃      ᠭᠠᠵᠠᠷ ᠰᠢᠷᠣᠶ ᠶᠢ ᠡᠷᠭᠢᠯᠲᠡ ᠳᠤ ᠣᠷᠤᠭᠤᠯᠤᠭᠰᠠᠨ ᠬᠠᠮᠤᠭ ᠰᠠᠶᠢᠨ ᠲᠠᠯ᠎ᠠ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠪᠡ᠃ ᠭᠠᠵᠠᠷ ᠰᠢᠷᠣᠶ ᠶᠢᠨ ᠡᠷᠭᠢᠯᠲᠡ ᠶᠢᠨ ᠲᠦᠷᠭᠡᠨ ᠬᠥᠭᠵᠢᠯᠲᠡ ᠨᠢ ᠭᠠᠵᠠᠷ ᠰᠢᠷᠣᠶ ᠶᠢ ᠶᠡᠭᠡ ᠬᠡᠪᠴᠢᠶ᠎ᠡ ᠪᠠᠷ ᠲᠥᠪᠯᠡᠷᠡᠭᠦᠯᠦᠨ ᠵᠠᠯᠭᠠᠯᠳᠤᠭᠤᠯᠵᠤ ᠡᠵᠡᠩᠨᠡᠬᠦ ᠳᠤ ᠨᠥᠬᠦᠴᠡᠯ ᠪᠦᠷᠢᠯᠳᠦᠭᠦᠯᠦᠨ ᠥᠭᠴᠥ᠂ ᠣᠳᠣ ᠦᠶ᠎ᠡ ᠶᠢᠨ ᠲᠠᠷᠢᠶᠠᠯᠠᠩ ᠤᠨ ᠬᠡᠪᠴᠢᠶᠡᠲᠦ ᠦᠷ᠎ᠡ ᠠᠰᠢᠭ ᠢ ᠪᠠᠳᠠᠷᠠᠭᠤᠯᠵᠤ ᠴᠢᠳᠠᠭᠰᠠᠨ ᠮᠥᠷᠲᠡᠭᠡᠨ ᠪᠠᠰᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠡᠷᠭᠡ ᠳᠡᠰ ᠳᠡᠪᠰᠢᠭᠦᠯᠬᠦ ᠶᠢ ᠪᠡᠶᠡᠯᠡᠭᠦᠯᠵᠦ ᠴᠢᠳᠠᠵᠠᠢ᠂ ᠡᠭᠦᠨ ᠤ ᠬᠠᠮᠲᠤ ᠪᠠᠰᠠ ᠴᠢᠨᠠᠷ ᠰᠠᠶᠢᠲᠠᠶ ᠥᠪᠡᠷᠮᠢᠴᠡ ᠣᠨᠴᠠᠯᠢᠠᠠᠳᠦ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠪᠠ ᠠᠵᠤ ᠦᠢᠯᠡᠰᠵᠢᠭᠦᠯᠬᠦ ᠬᠥᠭᠵᠢᠯᠲᠡ ᠶᠢ ᠠᠬᠢᠭᠤᠯᠵᠤ᠂ ᠡᠭᠦᠨ ᠤ ᠤᠯᠠᠮ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠡᠢ᠃ ᠡᠭᠦᠨ ᠠᠴᠠ ᠭᠠᠳᠠᠨ᠎ᠠ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠨᠢ ᠲᠠᠷᠢᠶᠠᠴᠢᠨ ᠲᠤ ᠲᠣᠭᠲᠠᠭᠤᠨ ᠡᠷᠭᠢᠯᠲᠡ ᠶᠢᠨ ᠣᠷᠣᠯᠭ᠎ᠠ ᠣᠯᠭᠤᠬᠤ ᠪᠠᠷ ᠪᠠᠷᠠᠬᠤ ᠦᠭᠡᠢ ᠪᠠᠰᠠ ᠪᠤᠰᠤᠳ ᠶᠠᠪᠤᠳᠠᠯ ᠢ ᠡᠵᠡᠩᠨᠡᠵᠦ ᠴᠢᠳᠠᠬᠤ ᠪᠣᠯᠭᠠᠵᠤ᠂ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠬᠦ ᠶᠢ ᠪᠡᠶᠡᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号