| | | 1 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠯᠢ ᠵᠢᠢ ᠾᠧᠩ ᠬᠦᠬᠡᠬᠤᠳᠠ ᠳᠤ ︽ᠬᠠᠮᠤᠭ ᠤᠨ ᠭᠤᠶᠤ ᠴᠡᠷᠢᠭ ᠤᠨ ᠠᠯᠪᠠ ᠠᠴᠠ ᠬᠠᠯᠠᠬᠳᠠᠬᠰᠠᠳ︾ | ᠤᠨ ᠳᠡᠷᠢᠬᠦᠨ ᠤ ᠦᠢᠯᠡ ᠠᠵᠢᠯᠯᠠᠭ᠎ᠠ ᠶᠢᠨ ᠮᠡᠳᠡᠬᠦᠯᠦᠯᠳᠡ ᠶᠢᠨ ᠪᠦᠯᠬᠦᠮ ᠤᠨ ᠬᠡᠰᠢᠬᠦᠳ ᠲᠠᠢ ᠠᠭᠤᠯᠵᠠᠪᠠ᠃ | ᠯᠢ ᠵᠢᠢ ᠾᠧᠩ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠤ | ᠡᠮᠤᠨ᠎ᠡ ᠠᠴᠠ ᠮᠡᠳᠡᠬᠦᠯᠦᠯᠳᠡ ᠶᠢᠨ ᠪᠦᠯᠬᠦᠮ ᠤᠨ ᠬᠢᠨ ᠦᠪᠦᠷ ᠮᠤᠩᠭᠤᠯ ᠳᠤ ᠢᠷᠡᠵᠥ ᠳᠤᠭᠤᠷᠢᠨ ᠮᠡᠳᠡᠬᠦᠯᠦᠯᠲᠡ | ᠬᠢᠬᠦ ᠪᠤᠯᠤᠭᠰᠠᠠᠨ ᠢ ᠪᠠᠶᠠᠷᠯᠠᠨ ᠤᠬᠳᠤᠵᠥ ᠪᠠᠶᠢᠬᠤ ᠪᠠᠨ ᠢᠯᠡᠳᠬᠡᠭᠰᠡᠨ ᠪᠦᠬᠡᠳ ᠮᠠᠨ ᠤ ᠤᠷᠤᠨ ᠤ ᠴᠡᠷᠢᠭ ᠤᠨ | ᠠᠯᠪᠠ ᠠᠴᠠ ᠬᠠᠯᠠᠬᠳᠠᠬᠰᠠᠳ ᠤᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠳᠠᠨᠢᠯᠴᠠᠭᠤᠯᠪᠠ᠃ ᠳᠡᠷᠡ᠂ ᠶᠡᠷᠦᠩᠬᠡᠢ | ᠱᠦᠵᠢ ᠰᠢ ᠶᠢᠨ ᠫᠢᠩ ᠴᠡᠷᠢᠭ ᠤᠨ ᠠᠯᠪᠠ ᠠᠴᠠ ᠬᠠᠯᠠᠬᠳᠠᠬᠰᠠᠳ ᠢ ᠳᠤᠳᠤᠨᠤ ᠪᠠᠷ ᠬᠠᠯᠠᠮᠵᠢᠯᠠᠵᠥ᠂ ᠴᠡᠷᠢᠭ ᠤᠨ | ᠠᠯᠪᠠ ᠠᠴᠠ ᠬᠠᠯᠠᠬᠳᠠᠬᠰᠠᠳ ᠤᠨ ᠠᠵᠢᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠦᠷᠬᠡᠨ ᠤᠯᠠᠨ | ᠴᠡᠷᠢᠭ ᠤᠨ ᠠᠯᠪᠠ ᠠᠴᠠ ᠬᠠᠯᠠᠬᠳᠠᠬᠰᠠᠳ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠬᠢ ᠶᠢᠨ | ᠪᠦᠳᠦᠬᠡᠨ ᠪᠠᠶᠢᠭᠤᠯᠤᠯᠳᠠ ᠳᠤ ᠴᠢᠬᠤᠯᠠ ᠬᠤᠪᠢ ᠨᠡᠮᠡᠷᠢ ᠦᠵᠡᠬᠦᠯᠪᠡ᠂ ᠴᠡᠷᠢᠭ ᠤᠨ ᠠᠯᠪᠠ ᠠᠴᠠ ᠬᠠᠯᠠᠬᠳᠠᠬᠰᠠᠨ | ᠤ ᠪᠠᠨ ᠳᠠᠷᠠᠭ᠎ᠠ ᠦᠷᠬᠦᠯᠵᠢᠯᠡᠨ ᠠᠷᠠᠳ ᠤᠨ ᠴᠡᠷᠢᠭ ᠠᠩᠬᠢ ᠶᠢᠨ ᠰᠢᠯᠢᠳᠡᠭ ᠤᠯᠠᠮᠵᠢᠯᠠᠯ ᠢᠶᠠᠨ ᠦᠷᠬᠦᠯᠵᠢᠯᠡᠨ | ᠪᠠᠷᠢᠮᠳᠠᠯᠠᠨ ᠪᠠᠳᠠᠷᠠᠭᠤᠯᠵᠥ᠂ ᠲᠡᠰᠪᠦᠷᠢ ᠬᠠᠳᠠᠭᠤᠵᠢᠯᠳᠠᠢ ᠳᠡᠮᠡᠴᠡᠵᠥ ᠲᠠᠬᠢᠨᠲᠠ ᠰᠢᠨ᠎ᠡ ᠭᠠᠪᠢᠶ᠎ᠠ ᠵᠢᠳᠬᠦᠯ ᠭᠠᠷᠭᠠᠨ᠂ | ᠨᠠᠮ ᠢᠶᠠᠨ ᠬᠠᠶᠢᠷᠠᠯᠠᠵᠥ ᠨᠡᠮᠡᠷᠢ ᠬᠠᠨᠳᠢᠪ ᠡᠷᠬᠦᠬᠦ᠂ ᠰᠡᠳᠬᠢᠯ ᠳᠡᠭᠡᠨ ᠤᠯᠤᠰ ᠤᠷᠤᠨ ᠢᠶᠠᠨ ᠪᠤᠳᠤᠬᠤ᠂ ᠠᠷᠠᠳ | ᠳᠦᠮᠡᠨ ᠳᠤ ᠦᠢᠯᠡᠴᠢᠯᠡᠬᠦ ᠰᠠᠶᠢᠨ ᠰᠠᠶᠢᠬᠠᠨ ᠳᠦᠷᠢ ᠳᠦᠷᠬᠦ ᠪᠠᠨ ᠢᠯᠡᠷᠡᠭᠦᠯᠪᠡ ᠭᠡᠵᠦ ᠬᠡᠯᠡᠪᠡ᠃ | ᠯᠢ ᠵᠢᠢ ᠾᠧᠩ ᠵᠢᠭᠠᠭᠰᠠᠨ ᠨᠢ᠂ ᠡᠨᠡ ᠤᠳᠠᠭ᠎ᠠ ᠶᠢᠨ ᠳᠤᠭᠤᠷᠢᠨ ᠮᠡᠳᠡᠬᠦᠯᠦᠯᠳᠡ ᠨᠢ ᠪᠢᠳᠡᠨ ᠳᠤ ᠬᠤᠪᠤᠷ | ᠨᠠᠨᠳᠢᠨ ᠵᠤᠷᠢᠭ ᠰᠠᠨᠠᠭᠠᠨ ᠤ ᠤᠶᠤᠨ ᠳᠡᠵᠢᠬᠡᠯ ᠬᠠᠩᠭᠠᠵᠥ ᠦᠭᠬᠦ ᠪᠤᠯᠤᠨ᠎ᠠ᠂ ᠪᠢᠳᠡ ︽ᠬᠠᠮᠤᠭ ᠤᠨ ᠭᠤᠶᠤ ᠴᠡᠷᠢᠭ | ᠤᠨ ᠠᠯᠪᠠ ᠠᠴᠠ ᠬᠠᠯᠠᠬᠳᠠᠬᠰᠠᠳ︾ ᠤᠨ ᠳᠡᠷᠢᠬᠦᠨ ᠤ ᠦᠢᠯᠡ ᠠᠵᠢᠯᠯᠠᠭ᠎ᠠ ᠶᠢ ᠶᠡᠭᠡ ᠪᠠᠷ ᠤᠬᠠᠭᠤᠯᠵᠥ᠂ | ᠳᠠᠭᠤᠷᠢᠶᠠᠯ ᠬᠦᠮᠦᠰ ᠤᠨ ᠦᠯᠢᠬᠡᠷ ᠢ ᠦᠷᠬᠡᠨ ᠠᠭᠤᠳᠠᠮ ᠳᠠᠯ᠎ᠠ ᠨᠤᠳᠤᠭ ᠲᠤ ᠤᠯᠠᠮᠵᠢᠯᠠᠨ ᠳᠦᠭ ᠳᠦᠮᠡᠨ | ᠡᠷᠦᠬᠡ ᠳᠤ ᠳᠠᠮᠵᠢᠭᠤᠯᠤᠨᠡ᠃ ᠪᠢᠳᠡ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠴᠡᠷᠢᠭ | ᠤᠨ ᠠᠯᠪᠠ ᠠᠴᠠ ᠬᠠᠯᠠᠬᠳᠠᠬᠰᠠᠳ ᠤᠨ ᠠᠵᠢᠯ ᠤᠨ ᠲᠤᠬᠠᠢ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠴᠡᠷᠢᠭ ᠤᠨ ᠠᠯᠪᠠ ᠠᠴᠠ ᠬᠠᠯᠠᠬᠳᠠᠬᠰᠠᠳ ᠤᠨ | ᠦᠢᠯᠡᠴᠢᠯᠡᠭᠡ ᠬᠠᠮᠢᠶᠠᠷᠤᠯᠳᠠ ᠪᠠ ᠪᠠᠳᠤᠯᠠᠪᠤᠷᠢ ᠶᠢᠨ ᠠᠵᠢᠯ ᠢ ᠤᠯᠠᠮ ᠴᠢᠨᠠᠬᠰᠢᠳᠠ ᠰᠠᠶᠢᠳᠤᠷ ᠬᠢᠵᠥ᠂ ᠴᠡᠷᠢᠭ ᠤᠨ | ᠠᠯᠪᠠ ᠠᠴᠠ ᠬᠠᠯᠠᠬᠳᠠᠬᠰᠠᠳ ᠢ ᠦᠨᠡᠨ ᠬᠦ ᠬᠠᠶᠢᠷᠠᠯᠠᠨ ᠬᠠᠯᠠᠮᠵᠢᠯᠠᠨ᠎ᠠ ᠬᠡᠪᠠ᠃ | ᠮᠡᠳᠡᠬᠦᠯᠦᠯᠳᠡ ᠶᠢᠨ ᠪᠦᠯᠬᠦᠮ ᠤᠨ ᠬᠡᠰᠢᠬᠦᠳ ᠠᠴᠠ᠂ ᠳᠤᠭᠤᠷᠢᠨ ᠮᠡᠳᠡᠬᠦᠯᠦᠯᠳᠡ ᠬᠢᠬᠦ ᠪᠠᠷ ᠳᠠᠮᠵᠢᠭᠤᠯᠤᠨ | ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠤᠤᠷ ᠴᠢᠨᠠᠷ ᠢᠶᠠᠨ ᠡᠬᠦᠷᠢᠳᠡ ᠪᠠᠳᠤᠯᠠᠵᠥ᠂ ᠬᠦᠴᠦᠷᠬᠡᠭᠵᠢᠬᠦ ᠪᠠᠷ | ᠬᠦᠴᠦᠯᠡᠨ ᠴᠢᠷᠮᠠᠶᠢᠬᠤ ᠰᠢᠯᠢᠳᠡᠭ ᠵᠠᠩ ᠴᠢᠨᠠᠷ ᠪᠤᠯᠤᠨ ᠵᠤᠷᠢᠭ ᠰᠠᠨᠠᠭᠠᠨ ᠤ ᠬᠡᠪ ᠨᠠᠮᠪᠠ ᠪᠠᠨ ᠬᠦᠢᠴᠡᠳ | ᠢᠯᠡᠷᠡᠬᠦᠯᠵᠥ᠂ ᠨᠡᠶᠢᠬᠡᠮ ᠳᠠᠶᠠᠭᠠᠷ ᠲᠤ ︽ᠬᠠᠮᠤᠭ ᠤᠨ ᠭᠤᠶᠤ︾ ᠠᠴᠠ ᠰᠤᠷᠤᠯᠴᠠᠬᠤ᠂ ︽ᠬᠠᠮᠤᠭ ᠤᠨ ᠭᠤᠶᠤ︾ | ᠪᠤᠯᠬᠤ ᠪᠠᠷ ᠴᠢᠷᠮᠠᠶᠢᠬᠤ᠂ ᠤᠯᠤᠰ ᠤᠨ ᠪᠠᠳᠤᠯᠠᠨ ᠬᠠᠮᠠᠭᠠᠯᠠᠯᠳᠠ ᠶᠢ ᠬᠠᠯᠠᠮᠵᠢᠯᠠᠬᠤ᠂ ᠴᠡᠷᠢᠭ ᠬᠦᠮᠦᠨ ᠢ | ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠵᠥ᠂ ᠨᠡᠩ ᠤᠯᠠᠨ ᠴᠡᠷᠢᠭ ᠤᠨ ᠠᠯᠪᠠ ᠠᠴᠠ | ᠬᠠᠯᠠᠬᠳᠠᠬᠰᠠᠳ ᠤᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠵᠤᠷᠢᠬᠵᠢᠭᠤᠯᠤᠨ᠎ᠡ ᠬᠡᠵᠥ | ᠢᠯᠡᠳᠬᠡᠵᠡᠬᠡᠪᠡ᠃ | ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠡᠸᠤ ᠶᠠᠩ ᠰᠢᠶᠤᠤ ᠬᠤᠢ᠂ ᠦᠪᠦᠷ ᠮᠤᠩᠭᠤᠯ ᠤᠨ | ᠴᠡᠷᠢᠭ ᠤᠨ ᠳᠤᠭᠤᠷᠢᠭ ᠤᠨ ᠳᠡᠳ᠋ ᠺᠤᠮᠢᠰᠰᠠᠷ ᠯᠢ ᠱᠤᠤ ᠵᠢᠶᠦ᠋ᠨ ᠠᠭᠤᠯᠵᠠᠯᠳᠠ ᠳᠤ ᠤᠷᠤᠯᠴᠠᠪᠠ᠃ |