12 ᠳ᠋ᠤᠭᠠᠷ ᠰᠠᠷ᠎ᠠ ᠶᠢᠨ 29 ᠤ ᠡᠳᠦᠷ᠂ ᠬᠦᠬᠡᠬᠤᠳᠠ ᠶᠢᠨ ᠵᠠᠰᠠᠭ ᠤᠨ ᠤᠷᠳᠤᠨ ᠠᠭᠤᠷ ᠠᠮᠢᠰᠬᠤᠯ ᠤᠨ | ᠶᠠᠰᠤ ᠴᠢᠨᠠᠷ ᠢ ᠰᠠᠶᠢᠵᠢᠷᠠᠭᠤᠯᠵᠤ᠂ ᠫᠤᠤᠵᠢᠩ ᠤᠨ ᠠᠮᠤᠷ ᠲᠥᠪᠰᠢᠨ ᠤ ᠬᠠᠮᠢᠶᠠᠷᠤᠯᠲᠠ ᠶᠢ ᠴᠢᠩᠭᠠᠳᠬᠠᠨ ᠤᠯᠠᠨ | ᠨᠡᠶᠢᠲᠡ ᠶᠢᠨ ᠠᠮᠤᠷ ᠲᠦᠪᠰᠢᠨ ᠪᠠ ᠪᠡᠶ᠎ᠡ ᠮᠠᠬᠠᠪᠤᠳ᠂ ᠡᠳ᠋ ᠬᠦᠷᠦᠩᠭᠡ ᠶᠢᠨ ᠠᠮᠤᠷ ᠲᠦᠪᠰᠢᠨ ᠢ ᠤᠯᠠᠮ ᠨᠢᠭᠡ | ᠠᠯᠬᠤᠮ ᠪᠠᠲᠤᠯᠠᠬᠤ ᠵᠤᠷᠢᠯᠭ᠎ᠠ ᠪᠠᠷ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ | ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠪᠤᠯᠤᠨ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠦᠰᠦᠯᠡᠵᠦ᠂ ᠬᠦᠬᠡᠬᠤᠳᠠ ᠶᠢᠨ ᠪᠤᠳᠠᠳᠤ | ᠪᠠᠶᠢᠳᠠᠯ ᠲᠠᠢ ᠤᠶᠠᠯᠳᠤᠭᠤᠯᠤᠨ ᠬᠤᠲᠠ ᠶᠢᠨ ᠲᠤᠭᠤᠷᠢᠭ ᠲᠤ ᠫᠤᠤᠵᠢᠩ ᠲᠠᠯᠪᠢᠬᠤ ᠶᠢ ᠬᠤᠷᠢᠬᠯᠠᠬᠤ ᠲᠤᠬᠠᠢ | ᠵᠠᠷᠯᠠᠪᠠ᠃ | ᠡᠨᠡ ᠬᠦ ᠵᠠᠷᠯᠠᠯ ᠳᠤ ᠬᠦᠬᠡᠬᠤᠲᠠ ᠶᠢᠨ ᠬᠤᠷᠴᠢᠨ ᠬᠤᠷᠲᠤᠨ ᠵᠠᠮ ᠠᠴᠠ ᠪᠠᠷᠠᠭᠤᠨᠰᠢ᠂ ᠶᠡᠭᠡ ᠲᠦᠷᠬᠡᠨ | ᠭᠤᠤᠯ ᠠᠴᠠ ᠤᠮᠠᠷᠠᠰᠢ᠂ ᠶᠢᠨ ᠯᠢᠦ ᠳ᠋ᠣᠤ ᠵᠠᠮ ᠠᠴᠠ ᠵᠡᠭᠦᠨᠰᠢ᠂ G6 ᠳᠡᠭᠡᠳᠦ ᠬᠤᠷᠳᠤ ᠶᠢᠨ ᠵᠠᠰᠠᠮᠠᠯ ᠵᠠᠮ ᠠᠴᠠ | ᠡᠮᠦᠨᠡᠰᠢᠬᠢ ᠭᠠᠵᠠᠷ ᠤᠷᠤᠨ ᠳᠤ ᠶᠠᠮᠠᠷᠪᠠ ᠪᠠᠶᠢᠭᠤᠯᠭ᠎ᠠ ᠨᠢᠭᠡᠴᠢ᠂ ᠬᠤᠪᠢ ᠬᠦᠮᠦᠨ ᠶᠠᠮᠡᠷ ᠴᠦ ᠴᠠᠬ ᠲᠤ ᠫᠤᠤᠵᠢᠩ | ᠲᠠᠯᠪᠢᠵᠤ ᠪᠤᠯᠬᠤ ᠦᠭᠡᠢ︔ ᠲᠤᠳᠤᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠳᠠ᠂ ᠠᠶᠤᠯ ᠦᠭᠡᠢ | ᠦᠢᠯᠡᠳᠪᠦᠷᠢᠯᠡᠯ ᠳᠤ ᠬᠢᠨᠠᠯᠲᠠ ᠲᠠᠯᠪᠢᠬᠤ ᠶᠢ ᠬᠠᠮᠢᠶᠠᠷᠬᠤ᠂ ᠤᠷᠴᠢᠨ ᠲᠤᠭᠤᠷᠢᠨ ᠢ ᠬᠠᠮᠠᠭᠠᠯᠠᠬᠤ᠂ ᠬᠠᠨᠭ᠍ᠭᠠᠨ | ᠪᠤᠷᠤᠯᠠᠭᠤᠯᠬᠤ ᠵᠡᠷᠬᠡ ᠬᠤᠲᠠ ᠶᠢᠨ ᠲᠡᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ᠂ ᠬᠦᠬᠡᠬᠤᠲᠠ ᠶᠢᠨ ᠲᠦᠷᠪᠡᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠦᠪᠯᠡᠯ ᠨᠢ | ᠫᠤᠤᠵᠢᠩ ᠲᠠᠯᠪᠢᠬᠤ ᠶᠢ ᠴᠠᠭᠠᠵᠠᠯᠠᠬᠤ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠬᠢᠵᠦ᠂ ᠠᠵᠢᠯ ᠤᠨ ᠭᠦᠢᠴᠡᠳ | ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠲᠡᠢ︔ ᠴᠢᠬᠤᠯᠠ ᠪᠠᠶᠠᠷ ᠲᠤᠷᠠᠰᠬᠠᠯ ᠤᠨ ᠡᠳᠦᠷ ᠤᠨ ᠠᠵᠢᠯᠯᠠᠭ᠎ᠠ ᠳᠤ | ᠬᠤᠸᠠᠷ ᠫᠤᠤᠵᠢᠩ ᠲᠠᠯᠪᠢᠬᠤ ᠴᠢᠬᠤᠯᠠ ᠲᠠᠢ ᠪᠤᠯ ᠡᠷᠬᠢᠯᠡᠭᠰᠡᠨ ᠪᠠᠶᠢᠭᠤᠯᠭ᠎ᠠ ᠨᠢᠭᠡᠴᠢ ᠬᠠᠤᠯᠢ ᠶᠤᠰᠤᠭᠠᠷ | ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠭᠤᠶᠤᠴᠢᠯᠠᠯ ᠲᠡᠪᠰᠢᠭᠦᠯᠵᠦ ᠵᠦᠪᠰᠢᠶᠡᠷᠡᠯ ᠤᠯᠤᠭᠰᠠᠨ ᠤ ᠲᠠᠷᠠᠭ᠎ᠠ | ᠰᠠᠶ᠋ᠢ ᠫᠤᠤᠵᠢᠩ ᠲᠠᠯᠪᠢᠵᠤ ᠪᠤᠯᠤᠨ᠎ᠠ᠂ ᠵᠦᠪᠰᠢᠶᠡᠷᠡᠯ ᠤᠯᠭᠤᠭᠰᠠᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ | ᠫᠤᠤᠵᠢᠩ ᠲᠠᠯᠪᠢᠬᠤ ᠴᠠᠭ᠂ ᠭᠠᠵᠠᠷ᠂ ᠲᠦᠷᠦᠯ ᠵᠦᠢᠯ᠂ ᠲᠤᠭ᠎ᠠ ᠬᠡᠮᠵᠢᠶ᠎ᠡ ᠶᠢ ᠨᠡᠶᠢᠭᠡᠮ ᠳᠤ ᠵᠠᠷᠯᠠᠬᠤ ᠬᠡᠷᠡᠭᠳᠡᠢ᠃ | ᠡᠭᠦᠨ ᠠᠴᠠ ᠭᠠᠳᠠᠨ᠎ᠠ ᠬᠤᠷᠢᠮ ᠨᠠᠶᠢᠷ᠂ ᠤᠷᠤᠰᠢᠭᠤᠯᠭ᠎ᠠ ᠶᠢᠨ ᠦᠢᠯᠡᠴᠢᠯᠡᠭᠡ ᠬᠠᠨᠭ᠍ᠭᠠᠬᠤ ᠡᠵᠡᠩᠨᠡᠭᠴᠢᠳ | ᠮᠡᠳᠡᠭᠳᠡᠬᠦ ᠬᠠᠷᠢᠭᠤᠴᠠᠯᠭ᠎ᠠ ᠡᠬᠦᠷᠭᠡᠯᠡᠵᠦ᠂ ᠠᠵᠢᠯᠯᠠᠭ᠎ᠠ ᠡᠷᠬᠢᠯᠡᠵᠦ ᠪᠠᠶᠢᠭ᠎ᠠ ᠡᠳᠡᠭᠡᠤᠨ ᠲᠤ ᠫᠤᠤᠵᠢᠩ ᠲᠠᠯᠪᠢᠬᠤ ᠶᠢ | ᠬᠤᠷᠢᠬᠯᠠᠬᠤ ᠲᠤᠭᠳᠠᠭᠠᠯ ᠢ ᠤᠷᠢᠳᠴᠢᠯᠠᠨ ᠮᠡᠳᠡᠭᠳᠡᠵᠦ᠂ ᠬᠠᠤᠯᠢ ᠠᠴᠠ ᠵᠦᠷᠢᠴᠡᠵᠦ ᠫᠤᠤᠵᠢᠩ ᠲᠠᠯᠪᠢᠭᠰᠠᠳ ᠲᠤ | ᠦᠢᠯᠡᠴᠢᠯᠡᠭᠡ ᠬᠠᠨᠭ᠍ᠭᠠᠵᠤ ᠪᠤᠯᠬᠤ ᠦᠭᠡᠢ ᠮᠦᠷᠳᠡᠭᠡᠨ ᠬᠠᠤᠯᠢ ᠠᠴᠠ ᠵᠦᠷᠢᠴᠡᠵᠦ ᠫᠤᠤᠵᠢᠩ ᠲᠠᠯᠪᠢᠬᠤ ᠠᠵᠢᠯᠯᠠᠭ᠎ᠠ ᠶᠢ | ᠢᠳᠬᠠᠨ ᠬᠤᠷᠢᠬᠯᠠᠵᠤ᠂ ᠬᠤᠷᠢᠬᠯᠠᠵᠦ ᠳᠡᠶᠢᠯᠦᠭᠰᠡᠨ ᠦᠬᠡᠢ ᠪᠤᠯ ᠴᠠᠭ ᠲᠤᠬᠠᠢ ᠳᠤ ᠨᠢ ᠲᠤᠳᠤᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠮᠡᠳᠡᠭᠳᠡᠬᠦ ᠬᠡᠷᠡᠭᠳᠡᠢ︔ ᠲᠤᠰ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠶᠢ ᠶᠠᠮᠠᠷᠪᠠ | ᠪᠠᠶᠢᠭᠤᠯᠭ᠎ᠠ ᠨᠢᠭᠡᠴᠢ ᠪᠤᠯᠤᠨ ᠬᠤᠪᠢ ᠬᠦᠮᠦᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠢᠯᠡᠴᠢᠯᠡᠨ ᠮᠡᠳᠡᠭᠦᠯᠬᠦ | ᠡᠷᠬᠡ ᠲᠠᠢ᠂ ᠲᠤᠭᠳᠠᠭᠠᠯ ᠠᠴᠠ ᠵᠦᠷᠢᠴᠡᠪᠡᠯ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ | ᠰᠢᠢᠳᠭᠡᠯ ᠤᠯᠭᠤᠨ᠎ᠠ︔ ᠨᠡᠶᠢᠭᠡᠮ ᠤᠨ ᠡᠯ᠎ᠡ ᠡᠳᠡᠭᠡᠳ ᠤᠨ ᠬᠢᠨ ᠪᠠ ᠰᠤᠨᠢᠨ ᠮᠡᠳᠡᠭᠡᠨ ᠤ ᠵᠠᠭᠤᠴᠢᠯᠠᠭᠤᠷ ᠤᠨ ᠬᠢᠨ | ᠫᠤᠤᠵᠢᠩ ᠲᠠᠯᠪᠢᠬᠤ ᠶᠢ ᠬᠤᠷᠢᠬᠯᠠᠬᠤ ᠤᠬᠠᠭᠤᠯᠭ᠎ᠠ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ᠫᠤᠤᠵᠢᠩ | ᠲᠠᠯᠪᠢᠬᠤ ᠶᠢ ᠬᠤᠷᠢᠬᠯᠠᠬᠤ ᠶᠢᠨ ᠴᠢᠬᠤᠯᠠ ᠠᠴᠢ ᠬᠤᠯᠪᠤᠭᠳᠠᠯ ᠪᠤᠯᠤᠨ ᠬᠠᠮᠢᠶ᠎ᠠ ᠪᠦᠬᠦᠢ ᠲᠤᠭᠳᠠᠭᠠᠯ ᠢ ᠬᠦᠴᠦᠳᠡᠢ | ᠤᠬᠠᠭᠤᠯᠵᠤ᠂ ᠦᠷᠭᠡᠨ ᠤᠯᠠᠨ ᠲᠦᠮᠡᠨ ᠤ ᠫᠤᠤᠵᠢᠩ ᠲᠠᠯᠪᠢᠬᠤ ᠶᠢ ᠬᠤᠷᠢᠬᠯᠠᠬᠤ ᠬᠠᠤᠯᠢ ᠲᠤᠭᠳᠠᠭᠠᠯ ᠪᠠ | ᠲᠦᠷᠦ ᠶᠢᠨ ᠪᠤᠳᠤᠯᠭ᠎ᠠ ᠶᠢ ᠤᠬᠠᠮᠰᠠᠷ ᠠᠴᠠ ᠪᠠᠨ ᠰᠠᠬᠢᠬᠤ ᠶᠢ ᠲᠠᠶᠢᠴᠢᠯᠠᠬᠤ ᠬᠡᠷᠡᠭᠳᠡᠢ ᠭᠡᠵᠤ ᠵᠠᠷᠯᠠᠵᠡᠢ᠃ | ᠲᠤᠰ ᠵᠠᠷᠯᠠᠯ ᠢ ᠤᠲᠤ ᠨᠢᠬᠡᠨᠲᠡ ᠡᠬᠢᠯᠡᠨ ᠬᠡᠷᠡᠭᠵᠢᠬᠦᠯᠪᠡ᠃ | |