ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠠᠷᠠᠳ ᠤᠨ ᠡᠵᠡᠩᠨᠡᠯᠲᠡ ᠶᠢᠨ ᠪᠠ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠭᠦᠨᠵᠡᠭᠡᠶᠢᠷᠡᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠳ᠋ ᠤᠨ ᠵᠠᠰᠠᠭ ᠢᠶᠠᠷ ᠳᠡᠮᠵᠢᠬᠦ ᠲᠤᠷᠰᠢᠯᠲᠠ ᠶᠢᠨ | ᠠᠵᠢᠯ ᠤᠨ ᠦᠨᠡᠯᠡᠨ ᠬᠢᠨᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠤᠭᠤᠲᠤ ᠬᠤᠲᠠ ᠬᠡᠷᠡᠭᠵᠢᠭᠦᠯᠬᠦ | ᠲᠥᠰᠦᠯ ᠤᠨ ᠲᠣᠪᠬᠢᠮᠠᠯ ᠢ ᠦᠨᠡᠯᠡᠨ ᠬᠢᠨᠠᠬᠤ ᠵᠢᠴᠢ ᠨᠣᠮ ᠬᠠᠶᠠᠯᠴᠠᠵᠦ ᠦᠨᠡᠯᠡᠨ ᠬᠢᠨᠠᠬᠤ ᠳᠤᠮᠳᠠ ᠴᠥᠮ ᠰᠢᠯᠢᠳᠡᠭ | ᠬᠢᠷᠢ ᠪᠦᠲᠦᠮᠵᠢ ᠣᠯᠵᠤ᠂ ᠪᠥᠬᠦ ᠤᠯᠤᠰ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠪᠠᠷ ᠠᠮᠵᠢᠯᠲᠠ ᠲᠠᠢ ᠰᠤᠩᠭᠤᠭᠳᠠᠵᠤ᠂ ᠤᠯᠤᠰ ᠤᠨ ᠵᠢᠱᠢᠶ᠎ᠡ | ᠦᠵᠡᠭᠦᠯᠬᠦ ᠬᠤᠲᠠ ᠶᠢᠨ ᠨᠥᠬᠦᠪᠥᠷᠢ ᠪᠠᠯᠠ ᠮᠥᠩᠭᠦ ᠶᠢ 5000 ᠲᠦᠮᠡᠨ ᠲᠥᠭᠦᠷᠢᠭ ᠣᠯᠬᠤ ᠪᠣᠯᠪᠠ᠃ | ᠤᠯᠤᠰ ᠠᠴᠠ ᠠᠷᠠᠳ ᠤᠨ ᠡᠵᠡᠩᠨᠡᠯᠲᠡ ᠶᠢᠨ ᠪᠠ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠭᠦᠨᠵᠡᠭᠡᠶᠢᠷᠡᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠳ᠋ ᠤᠨ | ᠵᠠᠰᠠᠭ ᠢᠶᠠᠷ ᠳᠡᠮᠵᠢᠬᠦ ᠲᠤᠷᠰᠢᠯᠲᠠ ᠶᠢᠨ ᠠᠵᠢᠯ ᠢ ᠥᠷᠨᠢᠭᠦᠯᠬᠦ ᠶᠢᠨ ᠵᠣᠷᠢᠯᠭ᠎ᠠ ᠨᠢ ᠵᠠᠬ᠎ᠠ ᠳᠡᠯᠭᠡᠭᠦᠷ ᠤᠨ ᠵᠢᠱᠢᠯᠲᠡ ᠶᠢ | ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠬᠠᠮᠲᠤᠳᠬᠠᠨ ᠰᠠᠶᠢᠨ ᠰᠠᠶᠢᠬᠠᠨ | ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠪᠠ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠯᠭᠡ ᠶᠢᠨ ᠬᠡᠪᠴᠢᠶ᠎ᠡ ᠶᠢ ᠨᠡᠮᠡᠭᠳᠡᠭᠦᠯᠬᠦ᠂ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ | ᠲᠣᠬᠢᠷᠠᠭᠤᠯᠤᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠲᠦᠯᠬᠢᠨ | ᠠᠬᠢᠭᠤᠯᠬᠤ ᠶᠢᠨ ᠲᠥᠯᠥᠭᠡ ᠶᠤᠮ᠃ ᠡᠨᠡ ᠬᠦ ᠲᠥᠷᠥ ᠶᠢᠨ ᠪᠣᠳᠣᠯᠭ᠎ᠠ ᠨᠡᠶᠢᠲᠡᠯᠡᠭᠳᠡᠭᠰᠡᠨ ᠨᠢ᠂ ᠪᠤᠭᠤᠲᠤ | ᠬᠤᠲᠠ ᠶᠢᠨ ᠣᠳᠣᠬᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠬᠦ᠂ ᠣᠷᠣᠨ ᠪᠦᠰᠡ ᠶᠢᠨ | ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠲᠤᠯᠭᠠᠮ | ᠬᠡᠷᠡᠭᠴᠡᠭᠡ ᠳᠤ ᠨᠡᠶᠢᠴᠡᠵᠦ ᠪᠠᠶᠢᠨ᠎ᠠ᠃ ᠪᠡᠯᠡ ᠮᠥᠩᠭᠦ ᠪᠣᠳᠠᠲᠠᠶᠢᠵᠢᠭᠰᠠᠨ ᠤ ᠳᠠᠷᠠᠭ᠎ᠠ᠂ ᠪᠤᠭᠤᠲᠤ ᠬᠤᠲᠠ ᠶᠢᠨ ᠪᠡᠯᠡ | ᠲᠣᠬᠢᠷᠠᠭᠤᠯᠤᠭ᠎ᠠ ᠶᠢᠨ ᠣᠷᠴᠢᠨ ᠠᠬᠤᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ | ᠰᠠᠶᠢᠵᠢᠷᠠᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ ᠲᠣᠬᠢᠷᠠᠭᠤᠯᠬᠤ ᠳᠤ ᠬᠦᠴᠢᠷ ᠪᠠᠶᠢᠬᠤ | ᠠᠰᠠᠭᠤᠳᠠᠯ ᠢ ᠨᠠᠮᠳᠠᠭᠤᠯᠤᠨ᠂ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ | ᠬᠥᠭᠵᠢᠭᠡᠵᠦ᠂ ᠪᠤᠭᠤᠲᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠴᠢᠨᠠᠭᠰᠢᠳᠠ ᠠᠬᠢᠭᠤᠯᠬᠤ ᠳᠤ | ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ | |