| | | 10 ᠰᠠᠷ᠎ᠠ ᠶᠢᠨ 11 ᠤ ᠡᠳᠦᠷ᠂ ᠥᠪᠦᠷ ᠮᠤᠩᠭᠤᠯ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠠ ᠶᠢᠨ ᠶᠠᠷᠢᠯᠴᠠᠬᠤ ᠬᠤᠷᠠᠯ ᠤᠷᠳᠤᠰ ᠬᠤᠳᠠ ᠳᠤ | ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠬᠤ ᠶᠢᠨ | ᠬᠠᠮᠳᠦ ᠶᠠᠷᠢᠶ᠎ᠠ ᠲᠠᠯᠪᠢᠵᠦ᠂ ᠶᠡᠷᠦᠩᠭᠡᠢ ᠱᠦᠵᠢ ᠰᠢ ᠶᠢᠨ ᠫᠢᠩ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ | ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠠᠳᠤᠨ ᠭᠤᠤᠯ ᠢ ᠬᠠᠮᠠᠭᠠᠯᠠᠬᠤ ᠲᠡᠦᠭᠡ ᠶᠢᠨ | ᠬᠦᠨᠳᠦ ᠡᠬᠦᠷᠭᠡ ᠶᠢ ᠡᠷᠡᠰ ᠡᠬᠦᠷᠭᠡᠯᠡᠵᠦ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ | ᠪᠠ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠶᠢ ᠮᠠᠨ ᠤ | ᠤᠷᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠡᠢ᠃ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ | ᠯᠢ ᠰᠢᠶᠠ᠂ ᠵᠠᠩ ᠶᠤᠸᠠᠨ ᠵᠦᠩ᠂ ᠵᠠᠩ ᠱᠤᠤ ᠴᠦᠨ᠂ ᠪᠤᠤ ᠭᠠᠩ ᠬᠤᠷᠠᠯ ᠳᠤ ᠤᠷᠤᠯᠴᠠᠵᠠᠢ᠃ | ᠯᠢ ᠵᠢᠢ ᠾᠧᠩ᠂ ᠨᠠᠮ ᠤᠨ ᠲᠦᠪ ᠬᠤᠷᠢᠶ᠎ᠠ ᠠᠴᠠ ᠬᠠᠳᠤᠨ ᠭᠤᠤᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠠ ᠶᠢ ᠴᠢᠬᠤᠯᠠ ᠶᠡᠭᠡ ᠤᠯᠤᠰ ᠤᠨ ᠪᠠᠶᠢᠯᠳᠤᠬᠤ | ᠪᠤᠳᠤᠯᠭ᠎ᠠ ᠪᠤᠯᠭᠠᠨ ᠳᠡᠭᠡᠭᠰᠢᠯᠡᠬᠦᠯᠪᠡ᠂ ᠡᠨᠡ ᠨᠢ ᠥᠪᠦᠷ ᠮᠤᠩᠭᠤᠯ ᠳᠤ ᠴᠢᠬᠤᠯᠠ ᠶᠡᠭᠡ ᠪᠦᠭᠡᠳ ᠬᠦᠨ ᠬᠦᠨᠵᠡᠭᠡᠢ | ᠨᠦᠯᠦᠭᠡ ᠦᠵᠡᠬᠦᠯᠬᠦ ᠨᠢ ᠳᠠᠮᠵᠢᠭ ᠦᠭᠡᠢ᠃ ᠪᠦᠬᠦ ᠤᠷᠤᠨ ᠳᠠᠶᠠᠭᠠᠷ ᠢᠯᠠᠩᠭᠤᠶ᠎ᠠ ᠬᠠᠳᠤᠨ ᠭᠤᠤᠯ ᠳᠠᠭᠠᠤ ᠶᠢᠨ | ᠭᠠᠵᠠᠷ ᠤᠷᠤᠨ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠳᠡᠭᠡᠭᠰᠢᠯᠡᠬᠦᠯᠵᠦ᠂ ᠶᠡᠷᠦᠩᠭᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠥᠪᠦᠷ | ᠮᠤᠩᠭᠤᠯ ᠤᠨ ᠬᠠᠳᠤᠨ ᠭᠤᠤᠯ ᠳᠠᠭᠠᠤ ᠶᠢᠨ ᠭᠠᠵᠠᠷ ᠤᠷᠤᠨ ᠤ ᠬᠠᠮᠠᠭᠠᠯᠠᠯᠳᠠ ᠪᠠ ᠬᠦᠭᠵᠢᠯᠳᠠ ᠶᠢᠨ ᠪᠠᠶᠢᠳᠠᠯ ᠢ | ᠪᠦᠬᠦ ᠲᠠᠯ᠎ᠠ ᠪᠠᠷ ᠡᠵᠡᠮᠳᠡᠨ᠂ ᠬᠠᠷᠢᠭᠤᠴᠠᠯᠭᠠᠳᠦ ᠤᠬᠠᠮᠰᠠᠷ ᠪᠠ ᠰᠠᠨᠠᠭᠠᠰᠢᠷᠠᠬᠤ ᠤᠬᠠᠮᠰᠠᠷ ᠢᠶᠠᠨ ᠳᠡᠭᠡᠭᠰᠢᠯᠡᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ | ᠪᠤᠬᠢᠷᠳᠤᠯ ᠦᠭᠡᠢ ᠬᠦᠭᠵᠢᠬᠦᠯᠬᠦ ᠶᠢ ᠪᠠᠷᠢᠮᠳᠠᠯᠠᠵᠦ᠂ ᠶᠡᠭᠡ ᠬᠠᠮᠠᠭᠠᠯᠠᠯᠳᠠ ᠶᠢ ᠬᠠᠮᠳᠤ ᠪᠠᠷ ᠰᠠᠶᠢᠳᠤᠷ ᠠᠳᠬᠤᠨ᠂ | ᠶᠡᠭᠡ ᠵᠠᠰᠠᠯᠳᠠ ᠶᠢ ᠬᠠᠮᠵᠢᠯᠴᠠᠨ ᠠᠬᠢᠭᠤᠯᠵᠦ᠂ ᠬᠠᠳᠤᠨ ᠭᠤᠤᠯ ᠤᠨ ᠪᠦᠬᠦᠶᠢᠯᠡ ᠰᠠᠪᠠ ᠭᠠᠵᠠᠷ ᠤᠨ ᠬᠠᠮᠠᠭᠠᠯᠠᠯᠳᠠ | ᠪᠠ ᠬᠦᠭᠵᠢᠯᠳᠠ ᠶᠢ ᠠᠬᠢᠭᠤᠯᠬᠤ ᠳᠤ ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠬᠦ ᠭᠡᠷᠡᠭᠲᠡᠢ ᠭᠡᠵᠦ | ᠵᠢᠭᠠᠵᠦ ᠭᠠᠷᠭᠠᠵᠠᠢ᠃ | ᠯᠢ ᠵᠢᠢ ᠾᠧᠩ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠢ | ᠶᠡᠷᠦᠩᠭᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠭᠢ ᠡᠬᠦᠰᠦᠯ ᠠᠴᠠ ᠨᠢ ᠵᠠᠰᠠᠬᠤ ᠶᠢ ᠪᠠᠷᠢᠮᠳᠠᠯᠠᠵᠦ᠂ ᠳᠡᠭᠡᠳᠦ | ᠳᠤᠤᠷᠠᠳᠦ ᠤᠷᠤᠰᠬᠠᠯ᠂ ᠭᠤᠤᠯ ᠰᠠᠯᠪᠤᠷᠢ ᠤᠷᠤᠰᠬᠠᠯ᠂ ᠵᠡᠬᠦᠨ ᠪᠠᠷᠠᠭᠤᠨ ᠡᠷᠬᠢ᠂ ᠬᠠᠭᠤᠷᠠᠢ ᠪᠠ ᠤᠰᠤᠨ ᠳᠡᠭᠡᠷᠡᠬᠢ᠂ | ᠭᠠᠵᠠᠷ ᠤᠨ ᠭᠠᠳᠠᠷᠭᠤ ᠪᠠ ᠭᠠᠵᠠᠷ ᠳᠤᠤᠷᠠᠬᠢ᠂ ᠤᠰᠤᠨ ᠤ ᠠᠮᠢ ᠠᠬᠤᠢ ᠪᠠ ᠤᠰᠤᠨ ᠤ ᠡᠬᠢ ᠪᠠᠶᠠᠯᠢᠭ᠂ | ᠪᠤᠬᠢᠷᠳᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠬᠠᠮᠠᠭᠠᠯᠠᠯᠳᠠ ᠶᠢ ᠪᠦᠬᠦ ᠲᠠᠯ᠎ᠠ ᠪᠠᠷ ᠨᠢᠭᠡᠳᠦᠯᠳᠠᠢ | ᠲᠦᠯᠦᠪᠵᠢᠬᠦᠯᠦᠨ᠂ ᠬᠠᠮᠤᠭ ᠤᠨ ᠰᠠᠶᠢᠨ ᠵᠠᠰᠠᠯᠳᠠ ᠶᠢᠨ ᠦᠷ᠎ᠠ ᠪᠦᠳᠦᠮᠵᠢ ᠤᠯᠬᠤ ᠶᠢ ᠠᠬᠢᠭᠤᠯᠬᠤ ᠭᠡᠷᠡᠭᠲᠡᠢ᠃ | ᠤᠰᠤᠨ ᠤ ᠡᠬᠢ ᠪᠠᠶᠠᠯᠢᠭ ᠢ ᠠᠷᠪᠢᠴᠢ ᠭᠠᠮᠳᠠᠢ ᠡᠷᠴᠢᠮᠵᠢᠭᠦᠯᠦᠨ ᠠᠰᠢᠬᠯᠠᠬᠤ ᠶᠢ ᠠᠬᠢᠭᠤᠯᠵᠦ᠂ ᠤᠰᠤ ᠠᠷᠪᠢᠯᠠᠬᠤ | ᠠᠵᠤ ᠦᠢᠯᠡᠰ ᠪᠠ ᠮᠡᠷᠭᠡᠵᠢᠯ ᠢ ᠶᠡᠭᠡ ᠪᠠᠷ ᠬᠦᠭᠵᠢᠬᠦᠯᠦᠨ᠂ ᠲᠠᠷᠢᠶᠠᠯᠠᠩ ᠤᠨ ᠦᠨᠳᠦᠷ ᠪᠦᠳᠦᠮᠵᠢᠳᠠᠢ ᠤᠰᠤ | ᠠᠷᠪᠢᠯᠠᠬᠤ ᠦᠭᠡᠷᠡᠴᠢᠯᠡᠯᠳᠡ ᠶᠢᠨ ᠢᠨᠵᠧᠨᠧᠷᠢᠩ ᠢ ᠢᠳᠡᠪᠬᠢᠳᠠᠢ ᠠᠬᠢᠭᠤᠯᠵᠦ᠂ ᠬᠤᠳᠠ ᠪᠠᠯᠭᠠᠰᠤ ᠶᠢᠨ ᠤᠰᠤ | ᠬᠠᠩᠭᠠᠬᠤ ᠬᠤᠭᠤᠯᠠᠢ ᠶᠢᠨ ᠲᠤᠤᠷ ᠢ ᠦᠭᠡᠷᠡᠴᠢᠯᠡᠨ ᠰᠢᠯᠢᠳᠡᠭᠵᠢᠭᠦᠯᠬᠦ ᠪᠠᠨ ᠲᠦᠷᠭᠡᠳᠭᠡᠨ᠂ ᠪᠦᠬᠦ | ᠨᠡᠶᠢᠭᠡᠮ ᠢᠶᠠᠷ ᠢᠶᠠᠨ ᠤᠰᠤ ᠠᠷᠪᠢᠯᠠᠬᠤ ᠠᠵᠢᠯᠯᠠᠭ᠎ᠠ ᠶᠢ ᠭᠡᠷᠡᠭᠵᠢᠬᠦᠯᠵᠦ᠂ ᠵᠤᠬᠢᠰ ᠦᠭᠡᠢ ᠤᠰᠤ ᠭᠡᠷᠡᠭᠯᠡᠬᠦ | ᠭᠡᠷᠡᠭᠴᠡᠭᠡ ᠶᠢ ᠡᠷᠡᠰ ᠬᠤᠷᠢᠬᠯᠠᠬᠤ ᠭᠡᠷᠡᠭᠲᠡᠢ᠃ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠬᠦᠭᠡᠬᠦ ᠡᠷᠴᠢᠮ ᠢᠶᠠᠨ | ᠴᠢᠩᠭᠠᠳᠬᠠᠵᠤ᠂ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠦᠷᠬᠦᠯᠵᠢᠯᠡᠨ ᠠᠬᠢᠭᠤᠯᠵᠦ᠂ | ᠡᠯᠡᠰᠦᠷᠭᠡᠭᠵᠢᠭᠰᠡᠨ ᠭᠠᠵᠠᠷ ᠰᠢᠷᠤᠢ ᠶᠢᠨ ᠵᠠᠰᠠᠯᠳᠠ ᠶᠢ ᠴᠢᠩᠭᠠᠳᠬᠠᠨ᠂ ᠬᠢᠮᠢ ᠶᠢᠨ ᠪᠤᠷᠳᠤᠭᠤᠷ ᠢ ᠬᠢᠵᠠᠭᠠᠷᠯᠠᠬᠤ᠂ | ᠲᠠᠷᠢᠶᠠᠨ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠤᠤ ᠪᠦᠷᠬᠦᠪᠴᠢ ᠶᠢ ᠬᠢᠵᠠᠭᠠᠷᠯᠠᠬᠤ ᠠᠵᠢᠯᠯᠠᠭ᠎ᠠ | ᠪᠠ ᠤᠯᠤᠰ ᠤᠨ ᠭᠠᠵᠠᠷ ᠰᠢᠷᠤᠢ ᠶᠢ ᠨᠤᠭᠤᠭᠠᠷᠠᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠨᠠᠭᠤᠷ ᠪᠦᠷᠢᠳᠦ | ᠪᠠ ᠨᠤᠭᠤ ᠭᠠᠵᠠᠷ ᠢ ᠦᠨᠡᠨ ᠬᠦ ᠰᠠᠶᠢᠳᠤᠷ ᠬᠠᠮᠠᠭᠠᠯᠠᠬᠤ ᠭᠡᠷᠡᠭᠲᠡᠢ᠃ ᠤᠷᠴᠢᠨ ᠲᠤᠭᠤᠷᠢᠨ ᠤ ᠲᠤᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠬᠦᠭᠡ ᠤᠬᠳᠠᠷᠭᠤᠢ᠂ ᠬᠦᠭᠡᠮᠳᠦᠭ ᠤᠰᠤ᠂ ᠠᠷᠢᠭᠤᠨ ᠬᠦᠷᠦᠰᠦ ᠶᠢ | ᠬᠠᠮᠠᠭᠠᠯᠠᠬᠤ ᠲᠠᠶᠢᠯᠠᠯᠳᠤᠭᠠᠨ ᠢ ᠰᠠᠶᠢᠳᠤᠷ ᠬᠢᠵᠦ᠂ ᠤᠷᠴᠢᠨ ᠲᠤᠭᠤᠷᠢᠨ ᠢ ᠪᠤᠬᠢᠷᠳᠤᠭᠤᠯᠬᠤ ᠡᠯ᠎ᠠ ᠵᠦᠢᠯ ᠤᠨ | ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠭᠡᠷᠡᠭᠲᠡᠢ᠃ ᠦᠶᠡᠷ ᠢ ᠰᠡᠷᠭᠡᠶᠢᠯᠡᠵᠦ | ᠨᠦᠯᠦᠮᠡᠯ ᠰᠢᠪᠠᠷ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠭᠤᠤᠯ ᠤᠨ ᠵᠠᠮ ᠪᠠ ᠭᠤᠤᠯ | ᠤᠨ ᠲᠠᠩ ᠢ ᠶᠡᠷᠦᠩᠭᠡᠶᠢᠯᠡᠨ ᠳᠡᠭᠡᠭᠰᠢᠯᠡᠬᠦᠯᠦᠨ ᠵᠠᠰᠠᠬᠤ ᠢᠨᠵᠧᠨᠧᠷᠢᠩ ᠢ ᠭᠡᠷᠡᠭᠵᠢᠬᠦᠯᠵᠦ᠂ ᠭᠤᠤᠯ ᠮᠦᠷᠡᠨ ᠨᠠᠭᠤᠷ | ᠪᠦᠷᠢᠳᠦ ᠶᠢᠨ ︽ᠲᠦᠷᠪᠡᠨ ᠰᠠᠮᠠᠭᠤᠨ ᠪᠠᠶᠢᠳᠠᠯ ᠢ ᠠᠷᠢᠯᠭᠠᠬᠤ︾ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ | ᠪᠦᠳᠦᠮᠵᠢᠳᠠᠢ ᠠᠷᠭ᠎ᠠ ᠭᠡᠮᠵᠢᠶ᠎ᠠ ᠪᠠᠷ ᠬᠤᠷᠠᠭᠰᠠᠨ ᠰᠢᠪᠠᠷ ᠡᠯᠡᠰᠦ ᠶᠢ ᠠᠷᠢᠯᠭᠠᠬᠤ ᠭᠡᠷᠡᠭᠲᠡᠢ ᠭᠡᠵᠦ ᠴᠢᠬᠤᠯᠠᠴᠢᠯᠠᠪᠠ᠃ | ᠯᠢ ᠵᠢᠢ ᠾᠧᠩ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠᠷ ᠴᠢᠬᠤᠯᠠ | ᠠᠬᠤᠢ ᠪᠠᠶᠢᠳᠠᠯ ᠤᠨ ᠦᠨᠳᠦᠰᠦᠯᠡᠯ ᠪᠤᠯᠭᠠᠵᠦ᠂ ᠠᠳᠠᠯᠢ ᠪᠤᠰᠤ ᠰᠠᠪᠠ ᠭᠠᠵᠠᠷ ᠤᠨ ᠬᠡᠰᠡᠭ᠂ ᠠᠳᠠᠯᠢ ᠪᠤᠰᠤ ᠭᠠᠵᠠᠷ | ᠤᠷᠤᠨ ᠤ ᠪᠤᠳᠠᠳᠤ ᠪᠠᠶᠢᠳᠠᠯ ᠢ ᠦᠨᠳᠦᠰᠦᠯᠡᠨ ᠬᠦᠭᠵᠢᠯᠳᠠ ᠶᠢᠨ ᠵᠠᠮ ᠢ ᠰᠦᠪᠡᠭᠴᠢᠯᠡᠵᠦ᠂ ᠪᠤᠬᠢᠷᠳᠤᠯ ᠦᠭᠡᠢ ᠪᠠᠷ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ᠂ ᠬᠠᠳᠤᠨ ᠭᠤᠤᠯ ᠳᠠᠭᠠᠤ ᠶᠢᠨ ᠭᠠᠵᠠᠷ ᠤᠷᠤᠨ ᠤ ᠴᠢᠨᠠᠷ ᠰᠠᠶᠢᠳᠠᠢ | ᠬᠦᠭᠵᠢᠯᠳᠠ ᠶᠢ ᠬᠦᠴᠦᠯᠡᠨ ᠠᠬᠢᠭᠤᠯᠬᠤ ᠭᠡᠷᠡᠭᠲᠡᠢ᠃ ᠴᠢᠩᠭ᠎ᠠ ᠬᠠᠳᠠᠭᠤ ᠬᠢᠵᠠᠭᠠᠷᠯᠠᠯ ᠢᠶᠠᠨ ᠴᠢᠩᠭᠠᠳᠬᠠᠵᠤ᠂ | ᠤᠰᠤᠨ ᠤ ᠬᠡᠮᠵᠢᠶ᠎ᠠ ᠪᠠᠷ ᠬᠤᠲᠠ ᠶᠢᠨ ᠪᠦᠳᠦᠬᠡᠨ ᠪᠠᠶᠢᠭᠤᠯᠤᠯᠳᠠ ᠪᠠᠨ ᠲᠤᠭᠲᠠᠭᠠᠬᠤ᠂ ᠭᠠᠵᠠᠷ ᠲᠠᠷᠢᠶ᠎ᠠ ᠪᠠᠨ | ᠲᠤᠭᠲᠠᠭᠠᠬᠤ᠂ ᠬᠤᠳᠠ ᠶᠢᠨ ᠬᠦᠮᠦᠨ ᠠᠮᠠ ᠶᠢᠨ ᠲᠠᠭᠠᠭᠠᠴᠠ ᠶᠢ ᠲᠤᠭᠲᠠᠭᠠᠬᠤ᠂ ᠦᠢᠯᠡᠳᠪᠤᠷᠢᠯᠡᠯ ᠢᠶᠠᠨ | ᠲᠤᠭᠲᠠᠭᠠᠬᠤ ᠶᠢ ᠪᠠᠷᠢᠮᠳᠠᠯᠠᠵᠤ᠂ ᠬᠠᠮᠤᠭ ᠤᠨ ᠴᠢᠩᠭ᠎ᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ | ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠤ᠂ ᠬᠤᠴᠤᠷᠤᠩᠭᠤᠢ | ᠦᠢᠯᠡᠳᠪᠤᠷᠢᠯᠡᠯ ᠤᠨ ᠴᠢᠳᠠᠪᠤᠷᠢ ᠶᠢ ᠡᠷᠡᠰ ᠰᠢᠭᠰᠢᠭᠳᠡᠬᠦᠯᠬᠦ ᠬᠡᠷᠡᠭᠳᠠᠢ᠃ ᠤᠷᠤᠨ ᠵᠠᠢ ᠶᠢᠨ ᠪᠠᠶᠢᠷᠢᠰᠢᠭᠤᠯᠤᠯᠳᠠ ᠪᠠᠨ | ᠰᠢᠯᠢᠳᠡᠭᠵᠢᠭᠦᠯᠦᠨ᠂ ᠲᠦᠪᠯᠡᠷᠡᠭᠦᠯᠵᠦ ᠨᠢᠭᠳᠠᠷᠠᠭᠤᠯᠵᠣ ᠡᠷᠴᠢᠮᠵᠢᠭᠦᠯᠬᠦ ᠵᠠᠮ ᠢᠶᠠᠷ ᠵᠠᠮᠨᠠᠵᠤ᠂ ᠭᠤᠤᠯ ᠡᠯᠧᠮᠧᠨ᠋ᠲ ᠤᠨ | ᠴᠢᠯᠦᠭᠡᠳᠠᠢ ᠰᠢᠯᠵᠢᠬᠦ ᠶᠢᠨ ᠬᠠᠮᠳᠦ ᠲᠠᠪᠠᠭᠤᠯᠢᠭ ᠭᠠᠵᠠᠷ ᠤᠷᠤᠨ ᠲᠡᠶᠢᠰᠢ ᠲᠦᠪᠯᠡᠷᠡᠬᠦ ᠶᠢ ᠠᠬᠢᠭᠤᠯᠤᠨ᠂ ᠡᠬᠢ | ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠠ ᠪᠦᠲᠦᠮᠵᠢ ᠶᠢ ᠳᠡᠭᠡᠭᠰᠢᠯᠡᠭᠦᠯᠬᠦ ᠬᠡᠷᠡᠭᠳᠠᠢ᠃ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠤᠯᠠᠮᠵᠢᠯᠠᠯᠳᠤ ᠠᠵᠤ ᠦᠢᠯᠡᠰ ᠤᠨ ᠤᠶᠤᠨᠴᠢᠯᠠᠭᠰᠠᠨ᠂ | ᠴᠡᠪᠡᠷᠰᠢᠭᠦᠯᠦᠭᠰᠡᠨ ᠦᠭᠡᠷᠡᠴᠢᠯᠡᠯᠳᠠ ᠪᠤᠯᠤᠨ ᠤᠳᠤ ᠦᠶ᠎ᠠ ᠶᠢᠨ ᠡᠨᠧᠷᠭᠢ ᠶᠢᠨ ᠠᠵᠤ ᠠᠬᠤᠢ ᠶᠢᠨ ᠪᠦᠲᠦᠭᠡᠨ | ᠪᠠᠶᠢᠭᠤᠯᠤᠯᠳᠠ ᠶᠢ ᠲᠦᠷᠭᠡᠳᠭᠡᠵᠤ᠂ ᠲᠡᠷᠢᠭᠦᠨ ᠤ ᠦᠢᠯᠡᠳᠬᠦ ᠦᠢᠯᠡᠰ ᠤᠨ ᠬᠦᠭᠵᠢᠯᠳᠡ ᠶᠢ ᠲᠦᠷᠭᠡᠳᠭᠡᠵᠤ᠂ | ᠨᠡᠭᠦᠷᠡᠰᠦᠨ ᠤ ᠪᠤᠰᠤ ᠠᠵᠤ ᠦᠢᠯᠡᠰ᠂ ᠡᠬᠢ ᠪᠠᠶᠠᠯᠢᠭ ᠤᠨ ᠪᠤᠰᠤ ᠠᠵᠤ ᠦᠢᠯᠡᠰ ᠪᠤᠯᠤᠨ ᠳᠡᠭᠡᠳᠤ ᠰᠢᠨ᠎ᠠ | ᠮᠡᠷᠭᠡᠵᠢᠯ ᠤᠨ ᠠᠵᠤ ᠦᠢᠯᠡᠰ ᠢ ᠢᠳᠡᠪᠬᠢᠳᠠᠢ ᠪᠤᠶᠢᠵᠢᠭᠤᠯᠵᠤ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ | ᠶᠡᠭᠡ ᠪᠠᠷ ᠬᠦᠭᠵᠢᠭᠦᠯᠬᠦ ᠬᠡᠷᠡᠭᠳᠠᠢ᠃ ᠨᠡᠬᠡᠬᠡᠯᠳᠡ ᠬᠢᠬᠦ ᠲᠦᠪᠰᠢᠨ ᠢᠶᠠᠨ ᠳᠡᠭᠡᠭᠰᠢᠯᠡᠭᠦᠯᠵᠤ᠂ ︽ᠨᠢᠭᠡ ᠪᠦᠰᠡ ᠨᠢᠭᠡ | ᠵᠠᠮ︾ ᠢ ᠬᠠᠮᠳᠦ ᠪᠠᠷ ᠪᠦᠲᠦᠭᠡᠨ ᠪᠠᠶᠢᠭᠤᠯᠬᠤ ᠪᠤᠯᠤᠨ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠳᠠ ᠳᠤ ᠢᠳᠡᠪᠬᠢᠳᠠᠢ ᠠᠭᠤᠰᠤᠯᠴᠠᠵᠤ᠂ ᠤᠯᠤᠰ ᠤᠨ ᠳᠤᠳᠤᠭᠠᠳᠤ ᠶᠢᠨ | ᠤᠷᠤᠨ ᠪᠦᠰᠡ ᠶᠢᠨ ᠬᠠᠮᠵᠢᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠤ᠂ ᠤᠳᠤ ᠦᠶ᠎ᠠ ᠶᠢᠨ ᠰᠠᠭᠤᠷᠢ | ᠲᠦᠬᠦᠭᠡᠷᠤᠮᠵᠢ ᠶᠢᠨ ᠲᠤᠤᠷ ᠤᠨ ᠰᠢᠰᠲ᠋ᠧᠮ ᠢ ᠱᠠᠯᠠᠪᠳᠠᠨ ᠪᠠᠶᠢᠭᠤᠯᠬᠤ ᠬᠡᠷᠡᠭᠳᠠᠢ᠃ ᠠᠭᠤᠰᠤᠯᠴᠠᠭᠰᠠᠨ | ᠬᠦᠭᠵᠢᠯᠳᠡ ᠶᠢ ᠠᠬᠢᠭᠤᠯᠵᠤ᠂ ᠬᠠᠳᠤᠨ ᠭᠤᠤᠯ ᠳᠠᠭᠠᠤ ᠡᠯ᠎ᠠ ᠭᠠᠵᠠᠷ ᠤᠨ ᠬᠢᠨ ︽ᠨᠢᠭᠡ ᠬᠦᠯᠭᠡ ᠰᠢᠳᠠᠷ᠎ᠠ︾ ᠶᠢᠨ | ᠦᠵᠡᠯ ᠰᠠᠨᠠᠭ᠎ᠠ ᠶᠢ ᠪᠤᠢ ᠪᠤᠯᠭᠠᠵᠤ᠂ ᠲᠤᠰ ᠪᠡᠶ᠎ᠠ ᠶᠢᠨ ᠬᠦᠭᠵᠢᠯᠳᠡ ᠶᠢᠨ ᠪᠠᠶᠢᠷᠢ ᠲᠤᠭᠳᠠᠭᠠᠯᠳᠠ ᠪᠤᠯᠤᠨ ᠪᠠᠶᠢᠷᠢ | ᠰᠤᠯᠢᠨ ᠬᠦᠭᠵᠢᠬᠦ ᠭᠤᠤᠯᠳᠠᠯᠭ᠎ᠠ ᠲᠠᠢ ᠴᠢᠭᠯᠡᠯ ᠢᠶᠠᠨ ᠤᠨᠤᠪᠴᠢᠳᠠᠢ ᠤᠯᠵᠤ᠂ ᠤᠷᠭᠠᠨᠢᠭ ᠢᠶᠠᠷ ᠠᠭᠤᠰᠤᠯᠴᠠᠬᠤ ᠶᠢ | ᠪᠡᠶᠡᠯᠡᠭᠦᠯᠵᠤ᠂ ᠪᠦᠬᠦᠯᠢ ᠴᠤᠭᠴᠠ ᠶᠢᠨ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠳᠠᠢ᠃ ᠵᠤᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠦᠪᠡᠷᠳᠡᠭᠡᠨ | ᠵᠠᠰᠠᠬᠤ ᠤᠷᠤᠨ ᠤ ᠱᠠᠳᠤᠨ ᠤ ᠬᠢᠨ ᠭᠦᠨᠵᠡᠭᠡᠢ ᠰᠤᠳᠤᠯᠬᠤ ᠪᠠᠨ ᠴᠢᠩᠭᠠᠳᠬᠠᠵᠤ᠂ ᠬᠤᠯᠪᠤᠭᠳᠠᠯ ᠪᠦᠬᠦᠢ | ᠭᠤᠤᠯᠳᠠᠯᠭ᠎ᠠ ᠲᠠᠢ ᠠᠵᠢᠯ ᠢ ᠨᠢᠭᠡᠳᠦᠯᠳᠠᠢ ᠲᠦᠯᠦᠪᠵᠢᠭᠦᠯᠦᠨ ᠵᠢᠯᠤᠭᠤᠳᠴᠤ᠂ ᠵᠤᠬᠢᠴᠠᠩᠭᠤᠢ ᠠᠬᠢᠭᠤᠯᠬᠤ ᠬᠡᠷᠡᠭᠳᠠᠢ᠂ | ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠭᠦᠷᠭᠡ ᠬᠦᠯᠢᠶᠡᠨ ᠠᠪᠴᠤ᠂ | ᠢᠳᠡᠪᠬᠢᠳᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠤ᠂ ᠬᠠᠳᠤᠨ ᠭᠤᠤᠯ ᠳᠠᠭᠠᠤ ᠡᠯ᠎ᠠ ᠭᠠᠵᠠᠷ ᠤᠨ ᠬᠢᠨ | ᠪᠤᠰᠤᠳ ᠢ ᠬᠦᠯᠢᠶᠡᠬᠦ ᠦᠭᠡᠢ ᠲᠦᠰᠢᠬᠦ ᠦᠭᠡᠢ ᠪᠠᠷ ᠢᠳᠡᠪᠬᠢᠳᠠᠢ ᠪᠠᠷ ᠴᠢᠷᠮᠠᠶᠢᠨ ᠠᠵᠢᠯᠯᠠᠵᠤ᠂ ᠡᠯ᠎ᠠ ᠵᠦᠢᠯ ᠤᠨ | ᠡᠭᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠪᠠ᠃ | ᠪᠦ᠋ ᠰᠢᠶᠤᠤ ᠯᠢᠨ᠂ ᠡᠯ᠎ᠠ ᠱᠠᠳᠤ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠦᠵᠡᠯ ᠰᠠᠨᠠᠭ᠎ᠠ | ᠪᠠ ᠦᠢᠯᠠ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ | ᠲᠦᠪ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠭᠡᠳᠭᠡᠵᠤ᠂ ᠶᠡᠭᠡ ᠬᠠᠮᠠᠭᠠᠯᠠᠯᠳᠠ ᠶᠢ ᠬᠠᠮᠳᠦ ᠪᠠᠷ | ᠰᠠᠶᠢᠳᠤᠷ ᠠᠳᠬᠤᠵᠤ᠂ ᠶᠡᠭᠡ ᠵᠠᠰᠠᠯᠳᠠ ᠶᠢ ᠬᠠᠮᠵᠢᠯᠴᠠᠨ ᠠᠬᠢᠭᠤᠯᠬᠤ ᠶᠢ ᠪᠠᠷᠢᠮᠳᠠᠯᠠᠵᠤ᠂ ᠠᠵᠢᠯ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠢ | ᠴᠢᠩᠭᠠᠳᠬᠠᠵᠤ᠂ ᠭᠤᠤᠯ ᠬᠠᠷᠢᠭᠤᠴᠠᠯᠭᠠᠳᠠᠨ ᠨᠦᠭᠦᠳ ᠦᠪᠡᠷ ᠤᠨ ᠪᠡᠶ᠎ᠠ ᠪᠠᠷ ᠢᠶᠠᠨ ᠨᠠᠶᠢᠳᠠᠪᠤᠷᠢᠵᠢᠭᠤᠯᠤᠯᠳᠠ ᠶᠢ | ᠠᠳᠬᠤᠬᠤ ᠬᠡᠷᠡᠭᠳᠠᠢ᠃ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠭᠦᠨ ᠠᠭᠤᠯᠠ ᠮᠦᠨ ᠭᠡᠬᠦ | ᠤᠶᠢᠯᠠᠭᠠᠭᠳᠠᠬᠤᠨ ᠢ ᠪᠤᠳᠠᠳᠠᠢ ᠳᠤ ᠨᠠᠶᠢᠳᠠᠪᠤᠷᠢᠵᠢᠭᠤᠯᠵᠤ᠂ ᠬᠠᠳᠤᠨ ᠭᠤᠤᠯ ᠳᠠᠭᠠᠤ ᠭᠠᠵᠠᠷ ᠤᠷᠤᠨ ᠤ ᠠᠯᠢᠪᠠ | ᠠᠵᠤ ᠠᠬᠤᠢ ᠶᠢᠨ ᠠᠵᠢᠯᠯᠠᠭ᠎ᠠ ᠴᠦᠮ ᠠᠮᠢ ᠠᠬᠤᠢ ᠤᠷᠴᠢᠨ ᠲᠤᠭᠤᠷᠢᠨ ᠢ ᠦᠯᠦ ᠡᠪᠳᠡᠬᠦ ᠪᠠᠷ ᠤᠷᠢᠳᠠᠯ ᠪᠤᠯᠭᠠᠵᠤ᠂ | ᠪᠦᠬᠦ ᠤᠷᠤᠨ ᠳᠤ ᠲᠦᠷᠦᠭᠦᠯᠡᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ | ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠵᠠᠮᠨᠠᠬᠤ | ᠬᠡᠷᠡᠭᠳᠠᠢ ᠭᠡᠵᠤ ᠴᠢᠬᠤᠯᠠᠴᠢᠯᠠᠵᠠᠢ᠃ | ᠬᠤᠷᠠᠯ ᠳᠡᠭᠡᠷ᠎ᠠ᠂ ᠪᠤᠭᠤᠳᠤ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ ᠪᠤᠯᠤᠨ ᠦᠪᠡᠷᠳᠡᠭᠡᠨ | ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠭᠢᠮ᠂ ᠠᠮᠢ ᠠᠬᠤᠢ ᠤᠷᠴᠢᠨ ᠲᠤᠭᠤᠷᠢᠨ ᠤ ᠲᠢᠩᠭᠢᠮ᠂ ᠤᠰᠤᠨ ᠠᠰᠢᠬᠯᠠᠯᠳᠠ ᠶᠢᠨ ᠲᠢᠩᠭᠢᠮ ᠤᠨ ᠭᠤᠤᠯ | ᠬᠠᠷᠢᠭᠤᠴᠠᠯᠭᠠᠳᠠᠨ ᠰᠠᠨᠠᠯ ᠢᠶᠠᠨ ᠰᠤᠯᠢᠯᠴᠠᠬᠤ ᠦᠭᠡ ᠬᠡᠯᠡᠵᠠᠢ᠃ ᠬᠤᠯᠪᠤᠭᠳᠠᠯ ᠪᠦᠬᠦᠢ ᠠᠶᠢᠮᠠᠬ ᠬᠤᠳᠠ ᠶᠢᠨ ᠨᠠᠮ | ᠤᠨ ᠬᠤᠷᠢᠶᠠᠨ ᠤ ᠱᠦᠵᠢ᠂ ᠠᠶᠢᠮᠠᠭ ᠤᠨ ᠳᠡᠳ᠋ ᠳᠠᠷᠤᠭ᠎ᠠ ᠬᠤᠳᠠ ᠶᠢᠨ ᠳᠡᠳ᠋ ᠳᠠᠷᠤᠭ᠎ᠠ᠂ ᠬᠦᠭᠵᠢᠭᠦᠯᠦᠯᠳᠡ ᠪᠠ | ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ ᠪᠤᠯᠤᠨ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ | ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | ᠬᠤᠷᠠᠯ ᠠᠴᠠ ᠡᠮᠦᠨ᠎ᠠ᠂ ᠯᠢ ᠵᠢᠢ ᠾᠧᠩ ᠪᠠᠰᠠ ᠨᠢᠭᠡ ᠡᠳᠦᠷ ᠬᠠᠭᠠᠰ ᠤᠨ ᠴᠠᠭ ᠢ ᠠᠰᠢᠡᠡᠯᠠᠨ ᠲᠤᠭᠳᠠᠬᠤ | ᠰᠢᠶᠠᠨ᠂ ᠵᠡᠭᠦᠨᠭᠠᠷ ᠬᠤᠰᠢᠭᠤ᠂ ᠳᠠᠯᠠᠳ ᠬᠤᠰᠢᠭᠤᠨ ᠳᠤ ᠭᠦᠨᠵᠡᠭᠡᠶᠢᠷᠡᠨ᠂ ᠵᠢᠦᠲ᠋ᠠᠢ ᠶᠢᠨ ᠨᠡᠭᠦᠷᠡᠰᠦ ᠪᠠᠷ ᠡᠲ᠋ᠠ | ᠬᠤᠶᠠᠷᠴᠢ ᠠᠯᠺᠤᠤᠯ ᠦᠢᠯᠡᠳᠬᠦ ᠲᠦᠷᠦᠯ ᠵᠦᠢᠯ᠂ ᠶᠢᠨ ᠾᠧ ᠭᠤᠤᠯ ᠤᠨ ᠪᠤᠬᠢᠷ ᠤᠰᠤ ᠶᠢ ᠰᠢᠢᠳᠪᠦᠷᠢᠯᠡᠬᠦ | ᠲᠦᠷᠦᠯ ᠵᠦᠢᠯ᠂ ᠮᠧᠩ ᠲᠠᠢ ᠶᠢᠨ ᠳᠡᠭᠡᠳᠦ ᠰᠢᠨ᠎ᠠ ᠮᠡᠷᠭᠡᠵᠢᠯ ᠤᠨ ᠬᠦᠩᠭᠡᠨ ᠴᠠᠭᠠᠨ ᠤ ᠬᠠᠶᠢᠯᠤᠰᠢᠨ ᠮᠠᠲ᠋ᠧᠷᠢᠶᠠᠯ | ᠤᠨ ᠲᠦᠷᠦᠯ ᠵᠦᠢᠯ᠂ ᠰᠢᠨ ᠤᠤ ᠶᠢᠨ ᠪᠠᠯ ᠴᠢᠯᠠᠭᠤᠨ ᠤ ᠠᠯᠺᠧᠨ ᠨᠤᠨᠳᠠᠭ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠠ ᠶᠢᠨ ᠪᠠᠶᠢᠳᠠᠯ ᠢ ᠭᠦᠨᠵᠡᠭᠡᠢ ᠪᠠᠶᠢᠴᠠᠭᠠᠨ ᠰᠤᠳᠤᠯᠵᠤ᠂ ᠬᠠᠳᠤᠨ ᠭᠤᠤᠯ ᠤᠨ ᠤᠰᠤ ᠶᠢ | ᠬᠦᠬᠡᠬᠤᠳᠠ ᠳᠤ ᠳᠠᠳᠠᠨ ᠤᠷᠤᠭᠤᠯᠬᠤ ᠢᠨᠵᠧᠨᠧᠷᠢᠩ ᠤᠨ ᠤᠰᠤᠨ ᠤ ᠴᠢᠨᠠᠷ ᠤᠨ ᠬᠢᠨᠡᠨ ᠬᠡᠮᠵᠢᠯᠳᠡ ᠪᠤᠯᠤᠨ | ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ ᠶᠢᠨ ᠠᠵᠢᠯ᠂ ᠬᠠᠳᠤᠨ ᠭᠤᠤᠯ ᠤᠨ ᠨᠤᠭᠤ ᠭᠠᠵᠠᠷ | ᠤᠨ ᠢᠨᠵᠧᠨᠧᠷᠢᠩ᠂ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠳᠠ ᠶᠢᠨ | ᠢᠨᠵᠧᠨᠧᠷᠢᠩ ᠵᠢᠴᠢ ᠵᠦᠨ ᠨᠧᠩ ᠤᠨ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠳᠠ ᠵᠡᠷᠭᠡ ᠪᠠᠶᠢᠳᠠᠯ | ᠢ ᠪᠤᠳᠠᠳᠤ ᠭᠠᠵᠠᠷ ᠢᠶᠠᠷ ᠨᠢ ᠰᠢᠨᠵᠢᠯᠡᠨ ᠪᠠᠶᠢᠴᠠᠭᠠᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠪᠤᠳᠠᠳᠠᠢ ᠱᠠᠭᠠᠷᠳᠠᠯᠭ᠎ᠠ ᠳᠤᠷᠠᠳᠴᠤ᠂ | ᠬᠠᠳᠤᠨ ᠭᠤᠤᠯ ᠳᠠᠭᠠᠤ ᠭᠠᠵᠠᠷ ᠤᠷᠤᠨ ᠤ ᠬᠢᠨ ᠪᠦᠲᠦᠮᠵᠢᠳᠠᠢ ᠵᠠᠰᠠᠯᠳᠠ ᠶᠢᠨ ᠠᠷᠭ᠎ᠠ ᠬᠡᠮᠵᠢᠶ᠎ᠠ ᠶᠢ ᠨᠠᠷᠢᠨ | ᠬᠢᠨᠠᠮᠠᠭᠠᠢ ᠰᠤᠳᠤᠯᠤᠨ ᠲᠤᠭᠳᠠᠭᠠᠵᠤ᠂ ᠤᠷᠳᠤ ᠬᠤᠭᠤᠴᠠᠭᠠᠨ ᠤ ᠪᠦᠲᠦᠮᠵᠢᠳᠠᠢ ᠵᠠᠰᠠᠯᠳᠠ ᠶᠢᠨ ᠲᠤᠭᠳᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠤ᠂ ᠬᠠᠳᠤᠨ ᠭᠤᠤᠯ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠪᠠᠨ ᠦᠨᠡᠨ | ᠬᠦ ᠰᠠᠶᠢᠳᠦᠷ ᠭᠦᠢᠴᠡᠳᠭᠡᠬᠦ ᠬᠡᠷᠡᠭᠳᠠᠢ ᠭᠡᠵᠤ ᠴᠢᠬᠤᠯᠠᠴᠢᠯᠠᠵᠠᠢ᠃ |