︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ︵ᠲᠥᠰᠦᠯ︶ ︾ ᠎ ᠳᠤ ᠢᠯᠡ ᠪᠠᠷ ᠰᠠᠨᠠᠯ ᠬᠤᠷᠢᠶᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2019/10/12
     ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯᠳᠤᠭᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ︵ᠲᠥᠰᠦᠯ︶︾᠎ ᠢ ᠠᠩᠬ᠎ᠠ ᠤᠳᠠᠭ᠎ᠠ ᠬᠢᠨᠠᠨ ᠵᠥᠪᠯᠡᠵᠦ᠂ 11 ᠳ᠋ᠦ᠋ᠭᠡᠷ ᠰᠠᠷ᠎ᠠ ᠶᠢᠨ ᠰᠡᠭᠦᠯᠴᠢ ᠪᠠᠷ ᠳᠠᠬᠢᠨᠲᠠ ᠬᠢᠨᠠᠨ ᠵᠥᠪᠯᠡᠬᠦ ᠪᠠᠷ ᠲᠣᠭᠲᠠᠪᠠ᠃ ᠤᠳᠤ ᠳᠦᠷᠢᠮ ︵ᠲᠥᠰᠦᠯ︶ ᠵᠢᠴᠢ ᠲᠣᠳᠣᠷᠬᠠᠶᠢᠯᠠᠯᠲᠠ ᠶᠢᠨ ᠪᠦᠬᠦ ᠠᠭᠤᠯᠭ᠎ᠠ ᠶᠢ ᠨᠡᠶᠢᠲᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠪᠠᠷ ᠪᠣᠯᠪᠠ᠃ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠪᠠᠨ 2019 ᠣᠨ ᠤ 11 ᠳ᠋ᠦ᠋ᠭᠡᠷ ᠰᠠᠷ᠎ᠠ ᠶᠢᠨ 10᠎ ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠳᠤ ᠬᠠᠷᠢᠭᠤ ᠲᠤᠰᠬᠠᠬᠤ ᠪᠣᠯᠪᠠᠤ᠃      ᠬᠠᠷᠢᠯᠴᠠᠬᠤ ᠬᠥᠮᠦᠨ᠄ ᠲᠢᠶᠠᠨ ᠵᠢᠶ ᠮᠢᠨ      ᠬᠠᠷᠢᠯᠴᠠᠬᠤ ᠤᠲᠠᠰᠤ᠄ 0471 — 6600643᠂ 6600641 ︵ᠹᠠᠺᠰ︶      ᠢᠮᠧᠯ ᠤᠨ ᠬᠠᠶ᠋ᠢᠭ᠄ 523269327@ qq . com      ᠬᠠᠶ᠋ᠢᠭ᠄ ᠬᠦᠬᠡᠬᠤᠲᠠ ᠶᠢᠨ ᠵᠦᠩ ᠱᠠᠨ ᠵᠠᠮ ᠤᠨ 3 ᠳ᠋ᠤᠭᠠᠷ ᠨᠣᠮᠧᠷ      ᠰᠢᠦᠳᠠᠨ ᠳ᠋ᠤᠭᠠᠷ᠄ 010020              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ              ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ                                       2019 ᠣᠨ ᠤ 10 ᠳ᠋ᠤᠭᠠᠷ ᠰᠠᠷ᠎ᠠ ᠶᠢᠨ 9᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号