ᠣᠷᠳᠤᠰ ᠬᠤᠲᠠ ᠲᠥᠪᠯᠡᠷᠡᠭᠦᠯᠦᠭᠰᠡᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2019/10/14
     ᠪᠦᠬᠦ ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2018 ᠣᠨ ᠳᠤ ᠣᠷᠳᠣᠰ ᠬᠤᠲᠠ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ︽ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠰᠤᠨ ᠠᠰᠢᠭᠯᠠᠯᠲᠠ ᠶᠢᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠥᠪᠥᠷ ᠣᠷᠴᠢᠨ ᠠᠯᠪᠠᠨ ﹇2019﹈ 35 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2019 ᠣᠨ ᠳᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠪᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠬᠠᠮᠲᠤᠷᠠᠨ ᠪᠥᠬᠦ ᠬᠤᠲᠠ ᠶᠢᠨ ᠬᠡᠪᠴᠢᠶᠡᠨ ᠳᠤ ᠲᠥᠪᠯᠡᠷᠡᠭᠦᠯᠦᠭᠰᠡᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠤᠨ᠎ᠡ᠃ ᠨᠢᠭᠡ ᠳᠤ ᠬᠥᠬᠡᠬᠤᠲᠠ ᠪᠤᠭᠤᠲᠤ ᠶᠢᠨ ᠵᠠᠭᠠᠭ ᠲᠠᠬᠢ ᠭᠠᠵᠠᠷ ᠤᠨ ᠭᠠᠳᠠᠷᠭᠤ ᠶᠢᠨ ᠤᠰᠤᠨ ᠤ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠢ ︽ᠪᠤᠴᠠᠵᠤ ᠪᠠᠶᠢᠴᠠᠭᠠᠨ ᠦᠵᠡᠵᠤ︾᠂ ᠳᠠᠯᠠᠳ ᠬᠤᠰᠢᠭᠤ᠂ ᠵᠡᠭᠦᠨᠭᠠᠷ ᠬᠤᠰᠢᠭᠤ ᠬᠢᠭᠡᠳ ᠪᠤᠭᠤᠲᠤ ᠬᠤᠲᠠ ᠬᠢᠭᠡᠳ ᠬᠥᠬᠡᠬᠤᠲᠠ ᠶᠢᠨ ᠵᠠᠭᠠᠭ ᠲᠠᠬᠢ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ︽ᠪᠤᠴᠠᠵᠤ ᠪᠠᠶᠢᠴᠠᠭᠠᠨ ᠦᠵᠡᠵᠦ︾᠂ ᠣᠷᠴᠢᠨ ᠲᠣᠭᠤᠷᠢᠨ ᠤ ᠰᠢᠨ᠎ᠡ ᠠᠰᠠᠭᠤᠳᠠᠯ ᠡᠭᠦᠰᠬᠦ ᠶᠢ ᠰᠡᠷᠭᠡᠶᠢᠯᠡᠵᠦ᠂ 2018 ᠣᠨ ᠤ ᠲᠤᠰᠬᠠᠶ ᠠᠵᠢᠯᠯᠠᠭ᠎ᠠ ᠶᠢᠨ ᠣᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠤᠨ᠎ᠡ᠃ ᠬᠤᠶᠠᠷ ᠲᠤ ᠤᠰᠤ ᠬᠠᠩᠭᠠᠬᠤ ᠬᠥᠮᠦᠨ ᠠᠮᠠ ᠨᠢ 10000᠎ ᠳᠤ ᠬᠦᠷᠦᠭᠰᠡᠨ ᠪᠤᠶᠤ ᠡᠳᠦᠷ ᠲᠤ 1000 ᠲᠣᠨ ᠠᠴᠠ ᠳᠡᠭᠡᠭᠰᠢ ᠤᠰᠤ ᠬᠠᠩᠭᠠᠵᠤ ᠪᠠᠶᠢᠭ᠎ᠠ ᠪᠤᠰᠤᠳ ᠪᠣᠢ ᠪᠦᠬᠦᠢ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠪᠠᠶᠢᠳᠠᠯ ᠢ ᠣᠶᠢᠯᠠᠭᠠᠵᠤ ᠰᠢᠭᠰᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠤᠨ᠎ᠡ᠃ 2018 ᠣᠨ ᠳᠤ ᠪᠥᠬᠦ ᠬᠤᠲᠠ ᠶᠢᠨ ᠲᠥᠪᠯᠡᠷᠡᠭᠦᠯᠦᠭᠰᠡᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠭᠰᠠᠨ ᠰᠠᠭᠤᠷᠢᠨ ᠳᠡᠭᠡᠷ᠎ᠡ᠂ 2019 ᠣᠨ ᠳᠤ ᠬᠠᠷᠢᠶᠠᠲᠤ ᠣᠷᠣᠨ ᠤ ᠬᠡᠪᠴᠢᠶᠡᠨ ᠳᠠᠬᠢ  ᠤᠰᠤ ᠬᠠᠩᠭᠠᠬᠤ ᠬᠥᠮᠦᠨ ᠠᠮᠠ ᠨᠢ10000᠎ ᠳᠤ ᠬᠦᠷᠦᠭᠰᠡᠨ ᠪᠤᠶᠤ ᠡᠳᠦᠷ ᠲᠤ 1000 ᠲᠣᠨ ᠠᠴᠠ ᠳᠡᠭᠡᠭᠰᠢ ᠤᠰᠤ ᠬᠠᠩᠭᠠᠵᠤ ᠪᠠᠶᠢᠭ᠎ᠠ ᠪᠣᠢ ᠪᠦᠬᠦᠢ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠲᠤ ᠤᠯᠠᠮ ᠨᠢᠭᠡ ᠠᠯᠬᠤᠮ ᠪᠠᠶᠢᠳᠠᠯ ᠢ ᠣᠶᠢᠯᠠᠭᠠᠵᠤ ᠰᠢᠭᠰᠢᠨ ᠪᠠᠶᠢᠴᠠᠭᠠᠬᠤ ᠪᠦᠭᠡᠳ 2020 ᠣᠨ ᠳᠤ ᠠᠰᠠᠭᠤᠳᠠᠯ ᠤᠨ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠴᠡᠪᠡᠷᠯᠡᠨ ᠴᠡᠭᠴᠡᠯᠡᠬᠦ ᠠᠵᠢᠯ ᠳᠤ ᠦᠷ᠎ᠡ ᠪᠦᠲᠦᠮᠵᠢ ᠣᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号