2.2 ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠴᠠᠭᠠᠰᠤ ᠰᠦᠯᠢᠶᠥᠦ ᠬᠥᠩᠭᠡᠨ ᠴᠠᠭᠠᠨ ᠤ ᠨᠡᠶᠢᠯᠡᠮᠡᠯ ᠮᠠᠲ᠋ᠧᠷᠢᠶᠠᠯ ᠤᠨ ᠳᠠᠬᠢᠨ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠤᠯᠠᠭᠠᠨᠴᠠᠪ ᠬᠤᠲᠠ ᠳᠤ ᠨᠤᠲᠤᠭᠰᠢᠪᠠ
ᠨᠡᠶᠢᠲᠡᠯᠡᠭᠰᠡᠨ ᠴᠠᠭ᠄
2019/10/16
     10 ᠳ᠋ᠤᠭᠠᠷ ᠰᠠᠷ᠎ᠠ ᠶᠢᠨ 11᠎ ᠤ ᠡᠳᠦᠷ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠪᠡᠭᠡᠵᠢᠩ ᠬᠤᠲᠠ ᠶᠢᠨ ᠰᠢᠨ ᠬᠤᠩ ᠫᠧᠩ ᠴᠠᠭᠠᠰᠤᠨ ᠦᠢᠯᠡᠰ ᠤᠨ ᠬᠢᠵᠠᠭᠠᠷᠲᠤ ᠺᠣᠮᠫᠠᠨᠢ ᠯᠤᠭ᠎ᠠ ᠵᠢᠯ ᠳᠤ 15 ᠲᠦᠮᠡᠨ ᠲᠣᠨ ᠴᠠᠭᠠᠰᠤ ᠰᠦᠯᠢᠶᠥᠦ ᠬᠥᠩᠭᠡᠨ ᠴᠠᠭᠠᠨ ᠤ ᠨᠡᠶᠢᠯᠡᠮᠡᠯ ᠮᠠᠲ᠋ᠧᠷᠢᠶᠠᠯ ᠦᠢᠯᠡᠳᠪᠦᠷᠢᠯᠡᠬᠦ ᠳᠠᠬᠢᠨ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠢ ᠬᠡᠯᠡᠯᠴᠡᠨ ᠲᠣᠬᠢᠷᠠᠯᠴᠠᠪᠠ᠃ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ ᠪᠡᠭᠡᠵᠢᠩ ᠬᠤᠲᠠ ᠶᠢᠨ ᠰᠢᠨ ᠬᠤᠩ ᠫᠧᠩ ᠴᠠᠭᠠᠰᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠯᠦᠭᠡ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠲᠣᠰ ᠲᠥᠷᠥᠯ ᠵᠦᠶᠯ ᠨᠢ ᠥᠪᠥᠷ ᠮᠣᠩᠭᠤᠯ ᠤᠨ ᠴᠠᠭᠠᠨ ᠢᠳᠡᠭᠡᠨ ᠤᠮᠳᠠᠭᠠᠨ ᠤ ᠠᠵᠢᠯ ᠲᠥᠷᠥᠯ ᠤᠨ ᠳᠠᠪᠠᠭᠤᠯᠢᠭ ᠲᠤ ᠲᠦᠰᠢᠭᠯᠡᠨ᠂ ᠬᠠᠶᠠᠭᠳᠠᠮᠠᠯ ᠴᠠᠭᠠᠰᠤ ᠰᠦᠯᠢᠶᠥᠦ ᠬᠥᠩᠭᠡᠨ ᠴᠠᠭᠠᠨ ᠤ ᠨᠡᠶᠢᠯᠡᠮᠡᠯ ᠮᠠᠲ᠋ᠧᠷᠢᠶᠠᠯ ᠢ ᠲᠥᠪᠯᠡᠷᠡᠭᠦᠯᠦᠨ ᠰᠢᠢᠳᠪᠦᠷᠢᠯᠡᠵᠦ᠂ ᠬᠠᠶᠠᠭᠳᠠᠮᠠᠯ ᠡᠬᠢ ᠪᠠᠶᠠᠯᠢᠭ ᠢ ᠳᠠᠬᠢᠨ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠵᠦ᠂ ᠥᠨᠳᠥᠷ ᠦᠷ᠎ᠡ ᠪᠦᠲᠦᠮᠵᠢᠲᠡᠶ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠣᠷᠴᠢᠯ ᠠᠵᠤ ᠠᠬᠤᠢ ᠶᠢᠨ ᠦᠯᠢᠭᠡᠷ ᠳᠠᠭᠤᠷᠢᠶᠠᠯ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ ᠲᠥᠷᠥᠯ ᠵᠦᠶᠯ ᠎ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠᠷᠤᠭ 2.2 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠢᠯᠭ᠎ᠠ ᠶᠢᠨ ᠲᠠᠯᠠᠪᠠᠢ ᠨᠢ 200 ᠮᠦ᠂ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ ᠴᠢᠨᠠᠷ ᠰᠠᠶᠢᠲᠠᠢ ᠬᠠᠲᠠᠭᠤ ᠴᠠᠭᠠᠰᠤ 10.5 ᠲᠦᠮᠡᠨ ᠲᠣᠨ᠂ ᠳᠠᠬᠢᠯᠲᠠ ᠰᠦᠯᠢᠶᠣᠣ 4 ᠲᠦᠮᠡᠨ ᠲᠣᠨ᠂ ᠳᠠᠬᠢᠯᠲᠠ ᠬᠥᠩᠭᠡᠨ ᠴᠠᠭᠠᠨ ᠤ ᠦᠷᠦᠪᠲᠡᠰᠦ 5000 ᠲᠣᠨ ᠦᠶᠯᠡᠳᠪᠦᠷᠢᠯᠡᠵᠦ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠎ ᠶᠢ 7 ᠳ᠋ᠦᠩᠰᠢᠭᠤᠷ ᠲᠥᠭᠦᠷᠢᠭ ᠪᠡᠶᠡᠯᠡᠭᠦᠯᠵᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号