ᠲᠦᠩᠯᠢᠶᠣᠤ ᠬᠤᠲᠠ ᠶᠢᠨ ᠠᠩᠬᠠᠳᠤᠭᠠᠷ ᠬᠤᠭᠤᠴᠠᠭᠠᠨ ᠤ ᠦᠶᠯᠡᠰ ᠴᠣᠭᠴᠠᠯᠠᠬᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2019/10/16
     ᠲᠦᠩᠯᠢᠶᠣᠤ ᠬᠤᠲᠠ ᠶᠢᠨ ᠠᠩᠬᠠᠳᠤᠭᠠᠷ ᠬᠤᠭᠤᠴᠠᠭᠠᠨ ᠤ ᠦᠶᠯᠡᠰ ᠴᠣᠭᠴᠠᠯᠠᠬᠤ ᠤᠷᠤᠯᠳᠤᠭᠠᠨ ᠥᠨᠥᠬᠡᠨ ᠲᠡᠭᠦᠰ ᠠᠮᠵᠢᠯᠲᠠ ᠲᠠᠢ ᠲᠡᠭᠦᠰᠴᠦ᠂ ᠲᠦᠩᠯᠢᠶᠣᠤ ᠬᠤᠲᠠ ᠶᠢᠨ ᠬᠦᠰᠡᠯ ᠵᠡᠭᠦᠳᠦ ᠶᠢᠨ ᠰᠦᠯᠵᠢᠶᠡᠨ ᠤ ᠬᠢᠵᠠᠭᠠᠷᠲᠤ ᠺᠣᠮᠫᠠᠨᠢ ᠠᠴᠠ ᠢᠷᠡᠭᠰᠡᠨ ᠣᠷᠣᠯᠴᠠᠭᠴᠢᠳ ᠨᠢᠭᠡᠳᠦᠭᠡᠷ ᠲᠡᠰ ᠤᠨ ᠱᠠᠩᠨᠠᠯ ᠬᠦᠷᠲᠡᠵᠦ᠂ ᠲᠦᠩᠯᠢᠶᠣᠤ ᠬᠤᠲᠠ ᠶᠢᠨ ᠮᠧᠩ ᠳ᠋ᠦᠩ ᠴᠢᠩ ᠭᠡᠷ ᠤᠨ ᠶᠠᠪᠤᠳᠠᠯ ᠤᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ ᠵᠡᠷᠭᠡ 3 ᠨᠢᠭᠡᠴᠢ ᠶᠢᠨ ᠣᠷᠣᠯᠴᠠᠭᠴᠢᠳ ᠬᠤᠶᠠᠳᠤᠭᠠᠷ ᠲᠡᠰ ᠤᠨ ᠱᠠᠩᠨᠠᠯ ᠬᠦᠷᠲᠡᠵᠦ᠂ ᠲᠦᠪ ᠬᠤᠳᠠ ᠶᠢᠨ ᠲᠠᠯ᠎ᠠ ᠨᠤᠲᠤᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 6 ᠨᠢᠭᠡᠴᠢ ᠶᠢᠨ ᠣᠷᠣᠯᠴᠠᠭᠴᠢᠳ ᠭᠤᠷᠪᠠᠳᠤᠭᠠᠷ ᠲᠡᠰ ᠤᠨ ᠱᠠᠩᠨᠠᠯ ᠬᠦᠷᠲᠡᠵᠦ᠂ ᠥᠪᠥᠷ ᠮᠣᠩᠭᠤᠯ ᠤᠨ ᠮᠠᠯᠴᠢᠨ ᠢᠳᠡᠭᠡᠨ ᠤ ᠬᠢᠵᠠᠭᠠᠷᠲᠤ ᠺᠣᠮᠫᠠᠨᠢ ᠵᠡᠷᠭᠡ 10 ᠨᠢᠭᠡᠴᠢ ᠶᠢᠨ ᠣᠷᠣᠯᠴᠠᠭᠴᠢᠳ ᠰᠢᠯᠢᠳᠡᠭ ᠱᠠᠩᠨᠠᠯ ᠬᠦᠷᠲᠡᠵᠦ᠂ ᠬᠤᠷᠴᠢᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ 5 ᠨᠢᠭᠡᠴᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠵᠡᠢ᠃      ᠲᠦᠩᠯᠢᠶᠣᠤ ᠬᠤᠲᠠ ᠶᠢᠨ ᠠᠩᠬᠠᠳᠤᠭᠠᠷ ᠬᠤᠭᠤᠴᠠᠭᠠᠨ ᠤ ᠦᠶᠯᠡᠰ ᠪᠣᠰᠬᠠᠬᠤ ᠤᠷᠤᠯᠳᠤᠭᠠᠨ ᠡᠨᠡ ᠵᠢᠯ ᠤᠨ 6 ᠰᠠᠷ᠎ᠠ ᠳᠤ ᠡᠬᠢᠯᠡᠭᠰᠡᠨ ᠠᠴᠠ ᠨᠠᠭᠠᠰᠢ᠂ ᠨᠡᠶᠢᠬᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠪᠣᠯᠤᠨ ᠢᠳᠡᠪᠬᠢᠲᠡᠢ ᠬᠦᠷᠢᠶᠡᠯᠡᠯ ᠢ ᠣᠯᠵᠤ᠂ ᠮᠠᠰᠢ ᠣᠯᠠᠨ ᠠᠵᠤ ᠠᠬᠤᠶᠢᠯᠠᠯ ᠢᠳᠡᠪᠬᠢᠲᠡᠢ ᠢᠶᠠᠷ ᠨᠡᠷ᠎ᠡ ᠮᠡᠳᠡᠬᠦᠯᠵᠤ ᠣᠷᠣᠯᠴᠠᠭᠰᠠᠨ ᠪᠠᠶᠢᠨ᠎ᠠ᠃ ᠤᠷᠤᠯᠳᠤᠭᠠᠨ ᠢ ᠠᠩᠬᠠᠨ ᠤ ᠤᠷᠤᠯᠳᠤᠭᠠᠨ᠂ ᠬᠠᠭᠠᠰ ᠰᠢᠭᠰᠢᠬᠡ ᠤᠷᠤᠯᠳᠤᠭᠠᠨ᠂ ᠰᠢᠶᠳᠪᠦᠷᠢᠲᠦ ᠤᠷᠤᠯᠳᠤᠭᠠᠨ ᠭᠡᠵᠦ ᠬᠤᠪᠢᠶᠠᠵᠡᠢ᠃ 76 ᠬᠥᠮᠦᠨ ᠨᠡᠷ᠎ᠡ ᠮᠡᠳᠡᠭᠦᠯᠬᠦ ᠬᠢᠷᠢ ᠭᠡᠮ ᠤᠨ ᠬᠢᠨᠠᠯᠲᠠ ᠪᠠᠷ ᠳᠠᠮᠵᠢᠨ ᠠᠩᠬᠠᠨ ᠤ ᠣᠷᠣᠯᠳᠣᠭᠠᠨ ᠳᠤ ᠣᠷᠣᠯᠴᠠᠵᠤ᠂ 20 ᠬᠥᠮᠦᠨ ᠲᠥᠷᠥᠯ ᠵᠦᠶᠯ ᠢ ᠲᠠᠨᠢᠯᠴᠠᠭᠤᠯᠬᠤ᠂ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠶᠢᠨ ᠲᠣᠭᠠᠴᠢᠯᠲᠠ᠂ ᠲᠤᠬᠠᠶ ᠶᠢᠨ ᠲᠠᠯᠠᠪᠠᠢ ᠶᠢᠨ ᠠᠰᠠᠭᠤᠯᠲᠠ ᠬᠠᠷᠢᠭᠤᠯᠲᠠ ᠪᠠᠷ ᠳᠠᠮᠵᠢᠨ ᠬᠠᠭᠠᠰ ᠰᠢᠭᠰᠢᠬᠡ ᠣᠷᠣᠯᠳᠣᠭᠠᠨ ᠳᠤ ᠣᠷᠣᠵᠤ᠂ ᠡᠴᠦᠰ ᠲᠡᠭᠡᠨ 10 ᠬᠥᠮᠦᠨ ᠲᠥᠷᠥᠯ ᠵᠦᠶᠯ ᠢ ᠳᠡᠯᠭᠡᠨ ᠦᠵᠡᠭᠦᠯᠬᠦ᠂ ᠦᠶᠯᠡᠰ ᠪᠣᠰᠬᠠᠬᠤ ᠲᠤᠬᠠᠢ ᠦᠬᠦᠯᠡᠬᠦ᠂ ᠲᠤᠬᠠᠶ ᠶᠢᠨ ᠲᠠᠯᠠᠪᠠᠢ ᠶᠢᠨ ᠠᠰᠠᠭᠤᠯᠲᠠ ᠬᠠᠷᠢᠭᠤᠯᠲᠠ ᠪᠠᠷ ᠳᠠᠮᠵᠢᠨ ᠰᠢᠶᠳᠪᠦᠷᠢᠲᠦ ᠣᠷᠣᠯᠳᠣᠭᠠᠨ ᠳᠤ ᠢᠯᠠᠯᠲᠠ ᠣᠯᠵᠠᠶ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠡᠰ ᠤᠨ ᠱᠠᠩᠨᠠᠯ ᠳᠤ ᠲᠤᠰ ᠲᠤᠰ 2 ᠲᠦᠮᠡᠨ ᠲᠥᠭᠦᠷᠢᠭ᠂ 1 ᠲᠦᠮᠡᠨ ᠲᠥᠭᠦᠷᠢᠭ᠂ 5000 ᠲᠥᠭᠦᠷᠢᠭ ᠤᠨ ᠱᠠᠩᠨᠠᠯ ᠤᠨ ᠮᠥᠩᠭᠦ ᠶᠢ ᠣᠯᠭᠤᠬᠤ ᠶᠢᠨ ᠬᠠᠮᠲᠤ ᠱᠠᠩᠨᠠᠯ ᠤᠨ ᠬᠤᠨᠳᠠᠭ᠎ᠠ᠂ ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠮᠧᠳᠠᠯ ᠣᠯᠭᠤᠭᠰᠠᠨ ᠪᠠᠶᠢᠨ᠎ᠠ᠃ ᠡᠮᠦᠨ᠎ᠡ 30 ᠨᠡᠷᠡᠰ ᠣᠷᠣᠯᠴᠠᠭᠴᠢ ᠴᠥᠮ ᠦᠶᠯᠡᠰ ᠴᠣᠭᠴᠠᠯᠠᠬᠤ ᠪᠣᠯᠪᠠᠰᠤᠷᠠᠭᠤᠯᠤᠯ ᠳᠤ ᠦᠨ᠎ᠡ ᠲᠥᠯᠥᠪᠦᠷᠢ ᠦᠭᠡᠢ ᠪᠠᠷ ᠣᠷᠣᠯᠴᠠᠬᠤ ᠲᠣᠬᠢᠶᠠᠯ ᠣᠯᠣᠭᠰᠠᠨ ᠪᠠ ᠦᠶᠯᠡᠰ ᠴᠣᠭᠴᠠᠯᠠᠬᠤ ᠬᠦᠷᠢᠶᠡᠯᠡᠩ᠂ ᠦᠶᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ ᠎ ᠲᠤ ᠣᠷᠢᠳᠠᠪᠠᠷ ᠣᠷᠣᠵᠤ ᠰᠠᠭᠤᠷᠢᠰᠢᠬᠤ ᠡᠷᠬᠡ ᠶᠢ ᠣᠯᠵᠡᠢ᠃      ᠲᠦᠩᠯᠢᠶᠣᠤ ᠬᠤᠲᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠺᠠᠳ᠋ᠷᠴᠤᠳ ᠤᠨ ᠴᠤᠭ ᠰᠦᠯᠳᠡ ᠶᠢ ᠬᠥᠭᠵᠢᠭᠡᠬᠦ ᠲᠠᠯ᠎ᠠ ᠪᠠᠷ ᠬᠦᠴᠦ ᠣᠷᠣᠭᠤᠯᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠭᠠᠷᠭᠠᠵᠤ᠂ ᠤᠷᠢᠳ ᠬᠤᠵᠢᠳ ᠦᠶᠯᠡᠰ ᠪᠣᠰᠬᠠᠬᠤ ᠯᠧᠺᠲ᠋ᠣᠷ ᠤᠨ ᠤᠷᠤᠯᠳᠤᠭᠠᠨ᠂ ᠭᠡᠷ ᠪᠦᠯᠢ ᠶᠢᠨ ᠦᠶᠯᠡᠴᠢᠯᠡᠭᠡᠨ ᠎ ᠤ ᠦᠶᠯᠡᠰ ᠪᠣᠰᠬᠠᠬᠤ ᠠᠵᠢᠯ ᠣᠯᠭᠤᠯᠲᠠ ᠶᠢ ᠳᠠᠶᠢᠴᠢᠯᠠᠬᠤ ᠤᠷᠤᠯᠳᠤᠭᠠᠨ᠂ ᠵᠠᠭᠤᠨ ︽ᠦᠶᠯᠡᠰ ᠪᠣᠰᠬᠠᠬᠤ ᠣᠳᠣᠨ︾᠎ ᠢ ᠰᠢᠯᠭᠠᠷᠠᠭᠤᠯᠤᠨ ᠬᠥᠬᠢᠭᠦᠯᠬᠦ ᠪᠠ ᠦᠶᠯᠡᠰ ᠪᠣᠰᠬᠠᠬᠤ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠡᠢ᠃      ᠦᠢᠯᠡᠰ ᠴᠣᠭᠴᠠᠯᠠᠬᠤ ᠶᠢ ᠠᠬᠢᠭᠤᠯᠬᠤ ᠶᠠᠪᠤᠴᠠ ᠳᠤ᠂ ᠪᠦᠬᠦ ᠬᠤᠲᠠ ᠶᠢᠨ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠦᠬᠦᠯᠢ ᠴᠣᠭᠴᠠ ᠪᠠᠷ ᠪᠠᠶᠢᠷᠢᠰᠢᠭᠤᠯᠵᠤ᠂ ᠨᠠᠷᠢᠨ ᠨᠢᠮᠪᠠᠢ ᠲᠥᠰᠦᠪᠯᠡᠵᠦ᠂ ᠦᠢᠯᠡᠰ ᠴᠣᠭᠴᠠᠯᠠᠬᠤ ᠪᠤᠯᠪᠠᠰᠣᠷᠠᠭᠤᠯᠣᠯ ᠢ ᠴᠢᠩᠭᠠᠳᠬᠠᠨ᠂ ᠦᠢᠯᠡᠰ ᠴᠣᠭᠴᠠᠯᠠᠬᠤ ᠵᠢᠯᠣᠭᠤᠳᠤᠯᠭ᠎ᠠ ᠶᠢ ᠰᠢᠯᠢᠳᠡᠭᠵᠢᠭᠦᠯᠬᠦ᠂ ᠦᠢᠯᠡᠰ ᠴᠣᠭᠴᠠᠯᠠᠬᠤ ᠦᠢᠯᠡᠴᠢᠯᠡᠭᠡ ᠶᠢ ᠨᠠᠷᠢᠯᠢᠬᠵᠢᠭᠤᠯᠬᠤ ᠳᠡᠭᠡᠷ᠎ᠡ ᠬᠦᠴᠦ ᠲᠠᠯᠪᠢᠵᠤ᠂ ᠲᠥᠷᠥᠯ ᠵᠦᠢᠯ ᠢᠶᠠᠷ ᠤᠳᠤᠷᠢᠳᠤᠮᠵᠢ ᠪᠣᠯᠭᠠᠭᠰᠠᠨ᠂ ᠴᠢᠳᠠᠪᠤᠷᠢᠲᠠᠨ ᠎ ᠢᠶᠠᠷ ᠭᠤᠣᠯ ᠴᠣᠭᠴᠠ ᠪᠣᠯᠭᠠᠭᠰᠠᠨ᠂ ᠪᠡᠯᠡ ᠮᠥᠩᠭᠦ᠂ ᠲᠤᠷᠰᠢᠯᠭ᠎ᠠ᠂ ᠲᠥᠷᠦ ᠶᠢᠨ ᠪᠣᠳᠣᠯᠭ᠎ᠠ ᠶᠢᠨ ᠳᠡᠮᠵᠢᠯᠭᠡ ᠪᠠᠷ ᠲᠦᠯᠬᠢᠨ ᠠᠬᠢᠭᠤᠯᠤᠭᠰᠠᠨ ᠦᠢᠯᠡᠰ ᠴᠣᠭᠴᠠᠯᠠᠬᠤ ᠳᠤ ᠳᠡᠮᠵᠢᠯᠭᠡ ᠦᠵᠡᠬᠦᠯᠬᠦ ᠪᠦᠷᠢᠨ ᠬᠤᠯᠪᠤᠭ᠎ᠠ ᠶᠢ ᠪᠠᠶᠢᠭᠤᠯᠵᠣ᠂ ᠦᠢᠯᠡᠰ ᠴᠣᠭᠴᠠᠯᠠᠬᠤ ᠠᠭᠤᠷ ᠠᠮᠢᠰᠬᠤᠯ᠂ ᠦᠢᠯᠡᠰ ᠴᠣᠭᠴᠠᠯᠠᠬᠤ ᠦᠷ᠎ᠡ ᠪᠦᠲᠦᠭᠡᠯ᠂ ᠦᠢᠯᠡᠰ ᠴᠣᠭᠴᠠᠯᠠᠬᠤ ᠬᠢᠷᠢ ᠲᠦᠪᠰᠢᠨ ᠵᠡᠷᠭᠡ ᠲᠠᠯ᠎ᠠ ᠪᠠᠷ ᠲᠠᠰᠤᠷᠠᠯᠲᠠ ᠦᠭᠡᠢ ᠳᠡᠭᠡᠭᠰᠢᠯᠡᠵᠡᠢ᠃ ᠣᠳᠣᠬᠠᠨ ᠪᠣᠯᠲᠠᠯ᠎ᠠ᠂ ᠨᠢᠭᠡᠨᠲᠡ 2229 ᠬᠥᠮᠦᠨ ᠢ ᠦᠶᠯᠡᠰ ᠪᠣᠰᠬᠠᠬᠤ ᠪᠤᠯᠪᠠᠰᠣᠷᠠᠭᠤᠯᠣᠯ ᠳᠤ ᠣᠷᠣᠯᠴᠠᠭᠤᠯᠵᠣ᠂ ᠣᠨ ᠤ ᠡᠭᠦᠷᠭᠡ ︵1400 ᠬᠥᠮᠦᠨ︶᠎ ᠪᠠᠨ 159%᠎ ᠪᠠᠷ ᠪᠠᠶᠡᠯᠡᠬᠦᠯᠦᠨ᠂ ᠦᠶᠯᠡᠰ ᠪᠣᠰᠬᠠᠬᠤ ᠪᠠᠲᠤᠯᠠᠭᠠᠲᠤ ᠵᠢᠭᠡᠯᠡᠯᠭᠡ 4394 ᠲᠦᠮᠡᠨ ᠲᠥᠭᠦᠷᠢᠭ ᠲᠠᠷᠬᠠᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠲᠥᠪᠯᠡᠷᠡᠩᠭᠦᠶ ᠬᠡᠯᠪᠡᠷᠢ ᠶᠢᠨ ᠦᠶᠯᠡᠰ ᠪᠣᠰᠬᠠᠬᠤ ᠬᠦᠷᠢᠶᠡᠯᠡᠩ ᠲᠣᠭᠤᠷᠢᠭ ᠪᠠ ᠨᠡᠪᠴᠢᠭᠦᠯᠬᠦ ᠰᠠᠭᠤᠷᠢᠨ ᠭᠠᠵᠠᠷ 22᠎ ᠢ ᠳᠡᠬᠦᠯᠳᠡᠷᠵᠢᠬᠦᠯᠦᠨ᠂ 4000 ᠰᠢᠬᠠᠮ ᠦᠶᠯᠡᠰ ᠪᠣᠰᠬᠠᠬᠤ ᠪᠣᠳᠠᠲᠤ ᠴᠣᠭᠴᠠ ᠣᠷᠣᠵᠣ ᠰᠠᠭᠤᠷᠢᠰᠢᠨ  ᠂ 3 ᠲᠦᠮᠡ ᠰᠢᠬᠠᠮ ᠬᠥᠮᠦᠨ ᠳᠤ ᠠᠵᠢᠯ ᠣᠯᠭᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号