ᠡᠷᠢᠶᠡᠨ ᠬᠤᠲᠠ ᠶᠢᠨ 2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠲᠠᠲᠠᠪᠤᠷᠢᠯᠠᠵᠤ ᠲᠤᠰᠢᠶᠠᠬᠤ ᠠᠵᠢᠯ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2019/10/17
     ᠣᠶᠢᠷ᠎ᠠ ᠳᠤ᠂ ᠡᠷᠢᠶᠡᠨ ᠬᠤᠲᠠ 2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠠᠲᠠᠪᠤᠷᠢᠯᠠᠵᠤ ᠲᠤᠰᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠭᠰᠡᠨ ᠪᠥᠭᠡᠳ ᠳᠠᠭᠠᠳᠬᠠᠯ ᠳᠤ ᠣᠷᠣᠯᠴᠠᠭᠰᠠᠨ 226 ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠭᠦᠢᠴᠡᠳᠬᠡᠵᠦ ᠥᠭᠪᠡ᠃      ᠨᠢᠭᠡ ᠳᠤ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ 2020 ᠣᠨ ᠎ ᠳᠤ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠨᠠᠰᠤᠨ ᠳᠤ ᠥᠯᠥ ᠬᠦᠷᠦᠭᠰᠡᠳ 120 ᠲᠥᠭᠦᠷᠢᠭ᠂ ᠨᠠᠰᠤᠨ ᠳᠤ ᠬᠦᠷᠦᠭᠰᠡᠳ 440 ᠲᠦᠬᠦᠷᠢᠭ ᠤᠨ ᠪᠠᠷᠢᠮᠵᠢᠶ᠎ᠠ ᠪᠠᠷ ᠲᠠᠲᠠᠪᠤᠷᠢᠯᠠᠵᠤ ᠲᠤᠰᠢᠶᠠᠨ᠎ᠠ︔ ᠳᠠᠭᠠᠳᠬᠠᠯ ᠢᠶᠠᠨ ᠥᠷᠭᠦᠯᠵᠢᠯᠡᠨ ᠲᠤᠰᠢᠶᠠᠭᠰᠠᠳ ᠤᠨ ᠨᠠᠰᠤᠨ ᠳᠤ ᠥᠯᠥ ᠬᠦᠷᠦᠭᠰᠡᠨ ᠨᠢ 150 ᠲᠥᠭᠦᠷᠢᠭ᠂ ᠨᠠᠰᠤᠨ ᠳᠤ ᠬᠦᠷᠦᠭᠰᠡᠨ ᠨᠢ 460 ᠲᠥᠭᠦᠷᠢᠭ ᠤᠨ ᠪᠠᠷᠢᠮᠵᠢᠶ᠎ᠠ ᠪᠠᠷ ᠲᠠᠲᠠᠪᠤᠷᠢᠯᠠᠨ ᠲᠤᠰᠢᠶᠠᠨ᠎ᠠ︔ ᠤᠤᠯ ᠤᠨ ᠬᠥᠳᠡᠭᠡ ᠲᠣᠰᠬᠤᠨ ᠤ ᠰᠢᠨ᠎ᠡ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ ᠣᠷᠣᠭᠰᠠᠨ ᠨᠠᠰᠤᠨ ᠳᠤ ᠬᠦᠷᠦᠭᠰᠡᠨ ᠰᠠᠭᠤᠭᠠᠯᠢ ᠠᠷᠠᠳ 404 ᠲᠥᠭᠦᠷᠢᠭ ᠤᠨ ᠪᠠᠷᠢᠮᠵᠢᠶ᠎ᠠ ᠪᠠᠷ ᠰᠦᠶᠳᠬᠡᠯ ᠲᠤᠰᠢᠶᠠᠨ᠎ᠠ᠃      ᠬᠤᠶᠠᠷ ᠲᠤ ᠣᠨᠴᠠᠭᠠᠢ ᠬᠥᠮᠥᠰ ᠤᠨ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠦᠭᠡᠢ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠨᠥᠬᠦᠴᠡᠯ ᠳᠤ ᠨᠡᠶᠢᠴᠡᠬᠦ ᠬᠥᠮᠥᠰ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠷᠣᠯᠭ᠎ᠠ ᠪᠠᠭᠠᠲᠠᠶ ᠭᠡᠷ ᠪᠦᠯᠢ ᠶᠢᠨ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠳ ᠪᠠ ᠨᠠᠰᠤᠨ ᠳᠤ ᠥᠯᠥ ᠬᠦᠷᠦᠭᠰᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠳᠥᠷᠪᠡᠳᠦᠭᠡᠷ ᠳᠡᠰ ᠠᠴᠠ ᠳᠡᠭᠡᠭᠰᠢᠬᠢ ᠵᠡᠮᠳᠡᠭ ᠰᠠᠭᠤᠭᠠᠯᠢ ᠠᠷᠠᠳ ᠵᠡᠷᠭᠡ ᠨᠡᠶᠢᠲᠡ ᠴᠣᠭᠴᠠ ᠶᠢ ᠪᠠᠭᠲᠠᠭᠠᠭᠰᠠᠨ ᠬᠥᠮᠥᠰ ᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠪᠥᠬᠦ ᠲᠤᠭ᠎ᠠ ᠪᠠᠷ ᠨᠢ ᠲᠤᠰᠠᠯᠠᠵᠤ᠂ ᠪᠦᠬᠦᠨ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠳᠠᠭᠠᠳᠬᠠᠯ ᠳᠤ ᠣᠷᠣᠯᠴᠠᠬᠤ ᠶᠣᠰᠣᠲᠠᠶ ᠶᠢ ᠨᠢ ᠪᠦᠬᠦᠨ ᠢ ᠣᠷᠣᠯᠴᠠᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100%᠎ ᠳᠤ ᠬᠦᠷᠦᠭᠦᠯᠦᠨ᠎ᠡ᠃      ᠭᠤᠷᠪᠠ ᠳᠤ ᠰᠠᠶ᠋ᠢ ᠲᠥᠷᠥᠭᠰᠡᠨ ᠬᠡᠦᠬᠡᠳ ᠤᠨ ᠳᠠᠭᠠᠳᠬᠠᠯ ᠳᠤ ᠣᠷᠣᠯᠴᠠᠬᠤ ᠠᠭᠤᠯᠭ᠎ᠠ ᠶᠢ ᠨᠠᠷᠢᠯᠢᠭᠵᠢᠭᠤᠯᠤᠨ᠎ᠠ᠃ ᠰᠠᠶ᠋ᠢ ᠲᠥᠷᠥᠭᠰᠡᠨ ᠬᠡᠦᠬᠡᠳ ᠤᠨ ᠡᠴᠢᠭᠡ ᠡᠬᠡ ᠶᠢᠨ ᠠᠯᠢ ᠨᠢᠭᠡ ᠨᠢ ᠮᠠᠨ ᠤ ᠬᠤᠲᠠ ᠳᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠪᠥᠭᠡᠳ ᠲᠣᠭᠲᠠᠭᠠᠯ ᠶᠣᠰᠣᠭᠠᠷ ᠰᠦᠶᠳᠬᠡᠯ ᠲᠤᠰᠢᠶᠠᠭᠰᠠᠨ ᠪᠣᠯ ᠬᠥᠩᠭᠡᠵᠢᠬᠦ ᠠᠴᠠ ᠪᠠᠨ ᠡᠮᠦᠨ᠎ᠡ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠪᠦᠷᠢᠳᠬᠡᠭᠦᠯᠬᠦ ᠭᠠᠷ ᠭᠦᠶᠴᠡᠳᠬᠡᠯ ᠬᠢᠨ᠎ᠡ᠂ ᠲᠥᠷᠥᠭᠰᠡᠨ ᠲᠤᠬᠠᠶ ᠶᠢᠨ ᠵᠢᠯ ᠢ ᠰᠠᠶ᠋ᠢ ᠲᠥᠷᠥᠭᠰᠡᠨ ᠬᠡᠦᠬᠡᠳ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠢᠶᠠᠷ ᠪᠣᠳᠣᠵᠤ᠂ ᠲᠤᠬᠠᠶ ᠶᠢᠨ ᠵᠢᠯ ᠤᠨ ᠳᠠᠭᠠᠳᠬᠠᠯ ᠤᠨ ᠰᠦᠶᠳᠬᠡᠯ ᠢ ᠨᠢ ᠬᠡᠯᠲᠦᠷᠢᠭᠦᠯᠵᠦ᠂ ᠵᠣᠬᠢᠴᠠᠩᠭᠤᠶ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠵᠦ ᠪᠣᠯᠤᠨ᠎ᠠ᠂ ᠳᠠᠷᠠᠭ᠎ᠠ ᠵᠢᠯ ᠨᠢ ᠲᠤᠰ ᠬᠡᠦᠬᠡᠳ ᠮᠠᠨ ᠤ ᠬᠤᠲᠠ ᠶᠢᠨ ᠡᠷᠦᠬᠡ ᠠᠮᠠ ᠶᠢᠨ ᠳᠠᠩᠰᠠ ᠪᠠᠷ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号