ᠨᠢᠭᠡ ᠳᠤ᠂ ᠤᠯᠤᠰ ᠤᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥ ᠶᠢᠨ ᠪᠣᠳᠣᠯᠭ᠎ᠠ | ᠶᠢᠨ ᠲᠣᠭᠲᠠᠭᠠᠯ ᠢ ᠴᠢᠩᠭ᠎ᠠ ᠨᠠᠶᠢᠳᠠᠪᠣᠷᠢᠵᠢᠭᠤᠯᠵᠣ᠂ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ | ᠣᠷᠳᠣᠨ ᠤ ᠬᠠᠷᠢᠭᠤᠴᠠᠯᠭ᠎ᠠ ᠶᠢ ᠭᠤᠣᠯᠳᠠᠯᠭ᠎ᠠ ᠲᠠᠢ ᠪᠣᠳᠠᠳᠠᠶᠢᠵᠢᠭᠤᠯᠣᠨ᠂ ᠨᠤᠲᠤᠭ ᠪᠡᠯᠴᠢᠭᠡᠷ ᠢ ᠡᠬᠢ ᠡᠭᠦᠰᠦᠯ | ᠠᠴᠠ ᠨᠢ ᠠᠷᠪᠢᠯᠠᠨ ᠬᠠᠮᠠᠭᠠᠯᠠᠵᠡᠢ᠃ ᠡᠯ᠎ᠡ ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠭᠤᠤᠯ ᠴᠣᠭᠴᠠ | ᠶᠢᠨ ᠴᠢᠳᠠᠮᠵᠢᠲᠤ ᠣᠷᠣᠨ ᠤ ᠬᠤᠪᠢᠶᠠᠷᠢᠯᠠᠯ ᠤᠨ ᠱᠠᠭᠠᠷᠳᠠᠯᠭ᠎ᠠ ᠵᠢᠴᠢ ᠠᠮᠢ ᠠᠬᠤᠢ ᠶᠢᠨ ᠤᠯᠠᠭᠠᠨ ᠱᠤᠭᠤᠮ ᠢ | ᠲᠣᠭᠲᠠᠭᠠᠬᠤ ᠠᠵᠢᠯ ᠲᠠᠢ ᠤᠶᠠᠯᠳᠤᠭᠤᠯᠤᠨ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥᠯ | ᠵᠦᠶᠯ ᠤᠨ ᠴᠢᠬᠤᠯᠠ ᠴᠢᠨᠠᠷ ᠢ ᠨᠠᠷᠢᠨ ᠬᠢᠨᠠᠮᠠᠭᠠᠶ ᠰᠤᠳᠤᠯᠵᠤ᠂ ᠲᠥᠷᠥᠯ ᠵᠦᠶᠯ ᠲᠣᠭᠲᠠᠭᠠᠬᠤ᠂ ᠣᠷᠴᠢᠨ | ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠭᠤᠭᠴᠤᠭ᠎ᠠ ᠶᠢ ᠴᠢᠩᠭ᠎ᠠ ᠠᠳᠬᠤᠵᠤ᠂ ᠦᠨᠳᠦᠰᠦᠨ ᠨᠤᠲᠤᠭ | ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠢᠵᠠᠭᠠᠷᠯᠠᠪᠠ᠃ ᠬᠤᠶᠠᠷ ᠲᠤ᠂ | ᠲᠥᠷᠥᠯ ᠵᠦᠢᠯ ᠤᠨ ᠪᠦᠷᠢᠳᠣᠯ ᠢ ᠬᠢᠨᠠᠨ ᠪᠠᠶᠢᠴᠠᠭᠠᠬᠤ ᠭᠤᠭᠴᠣᠭᠠᠨ ᠳᠤ᠂ ᠲᠥᠷᠥᠯ ᠵᠦᠢᠯ ᠤᠨ ᠭᠠᠵᠠᠷ ᠵᠦᠢ ᠶᠢᠨ | ᠪᠠᠶᠢᠷᠢᠰᠢᠯ᠂ ᠬᠡᠷᠡᠭᠯᠡᠬᠦ ᠭᠠᠵᠠᠷ ᠤᠨ ᠲᠥᠷᠥᠯ ᠬᠡᠯᠪᠡᠷᠢ ᠶᠢᠨ ᠰᠢᠨᠵᠢ ᠴᠢᠨᠠᠷ᠂ ᠮᠠᠯᠵᠢᠬᠤ ᠡᠷᠦᠬᠡ ᠳᠤ | ᠬᠤᠯᠪᠣᠭᠳᠠᠭᠰᠠᠨ ᠲᠤᠭ᠎ᠠ ᠬᠡᠮᠵᠢᠶ᠎ᠡ᠂ ᠨᠥᠬᠦᠪᠥᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠦᠨᠳᠣᠰᠣᠨ | ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠲᠥᠷᠥᠯ ᠵᠦᠢᠯ ᠤᠨ ᠮᠠᠲ᠋ᠧᠷᠢᠶᠠᠯ ᠢ ᠳᠠᠬᠢᠨ ᠬᠢᠨᠠᠬᠤ | ᠠᠵᠢᠯ ᠢ ᠰᠠᠶᠢᠲᠤᠷ ᠬᠢᠵᠡᠢ᠃ ᠭᠤᠷᠪᠠ ᠳᠤ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥᠯ | ᠵᠦᠶᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠦᠷᠢᠳᠣᠯ ᠤᠨ | ᠱᠠᠭᠠᠷᠳᠠᠯᠭ᠎ᠠ ᠶᠣᠰᠣᠭᠠᠷ ᠡᠮᠬᠢᠯᠡᠨ ᠳᠠᠩᠰᠠ ᠡᠪᠬᠡᠮᠡᠯ ᠳᠤ ᠣᠷᠣᠭᠤᠯᠵᠤ᠂ ᠳᠠᠩᠰᠠ ᠡᠪᠬᠡᠮᠡᠯ ᠤᠨ ᠪᠦᠷᠢᠨ ᠪᠦᠳᠣᠨ | ᠪᠠᠶᠢᠬᠤ ᠶᠢ ᠪᠠᠳᠣᠯᠠᠵᠡᠢ᠃ ᠳᠥᠷᠪᠡ ᠳᠤ᠂ ᠥᠪᠡᠷᠲᠡᠭᠡᠨ ᠵᠠᠰᠠᠬᠤ ᠣᠷᠣᠨ ᠤ ᠨᠠᠶᠢᠳᠠᠭᠰᠠᠨ ᠲᠤᠬᠠᠶ ᠶᠢᠨ ᠲᠠᠯᠠᠪᠠᠢ | ᠳᠤ ᠪᠠᠶᠢᠴᠠᠭᠠᠨ ᠰᠢᠯᠭᠠᠬᠤ ᠠᠵᠢᠯ ᠢ ᠨᠠᠷᠢᠨ ᠬᠢᠨᠠᠮᠠᠭᠠᠶ ᠪᠡᠶᠡᠯᠡᠭᠦᠯᠵᠦ᠂ ᠲᠥᠷᠥᠯ ᠵᠦᠶᠯ ᠤᠨ ᠲᠤᠬᠠᠶ ᠶᠢᠨ ᠲᠠᠯᠠᠪᠠᠢ | ᠳᠤ ᠭᠦᠨᠵᠡᠭᠡᠶᠢᠷᠡᠨ ᠲᠠᠲᠠᠪᠤᠷᠢᠯᠠᠨ ᠬᠡᠷᠡᠭᠯᠡᠬᠦ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ᠂ ᠨᠥᠬᠦᠪᠥᠷᠢ ᠥᠭᠬᠦ | ᠵᠡᠷᠭᠡ ᠦᠨᠳᠦᠰᠦᠨ ᠪᠠᠶᠢᠳᠠᠯ ᠢ ᠬᠢᠨᠠᠨ ᠬᠠᠷᠭᠤᠭᠤᠯᠵᠤ᠂ ᠲᠤᠬᠠᠶ ᠶᠢᠨ ᠲᠠᠯᠠᠪᠠᠢ ᠪᠣᠯᠤᠨ ᠪᠠᠶᠢᠷᠢᠰᠢᠯ ᠤᠨ ᠨᠢᠭᠡᠳᠣᠯᠳᠡᠢ | ᠪᠠᠶᠢᠬᠤ ᠡᠰᠡᠬᠦ ᠶᠢ ᠨᠤᠲᠠᠯᠠᠵᠤ᠂ ᠣᠷᠣᠨ ᠪᠠᠶᠢᠷᠢ ᠶᠢ ᠨᠢ ᠨᠡᠭᠦᠯᠭᠡᠨ ᠰᠢᠯᠵᠢᠭᠦᠯᠬᠦ ᠵᠡᠷᠭᠡ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠴᠢᠩᠭ᠎ᠠ ᠵᠠᠯᠠᠷᠠᠭᠤᠯᠵᠡᠢ᠃ ᠣᠳᠣᠬᠠᠨ ᠪᠣᠯᠲᠠᠯ᠎ᠠ᠂ ᠪᠦᠬᠦ ᠠᠶᠢᠮᠠᠭ ᠲᠤ ᠨᠤᠲᠤᠭ ᠪᠡᠯᠴᠢᠭᠡᠷ ᠢ | ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥᠯ ᠵᠦᠶᠯ ᠤᠨ ᠬᠡᠰᠡᠭ ᠤᠳ ᠢ ᠳᠠᠬᠢᠨ ᠬᠢᠨᠠᠬᠤ ᠠᠵᠢᠯ ᠢ ᠨᠡᠶᠢᠲᠡ 89 | ᠣᠳᠠᠭ᠎ᠠ ᠪᠡᠶᠡᠯᠡᠭᠦᠯᠵᠦ᠂ 10382.55 ᠮᠦ ᠲᠠᠯᠠᠪᠠᠢ ᠨᠤᠲᠤᠭ ᠪᠡᠯᠴᠢᠭᠡᠷ ᠲᠤ ᠬᠤᠯᠪᠣᠭᠳᠠᠨ᠂ ᠡᠭᠦᠨ ᠳᠤ | ᠦᠨᠳᠦᠰᠦᠨ ᠨᠤᠲᠤᠭ ᠪᠡᠯᠴᠢᠭᠡᠷ ᠤᠨ ᠲᠠᠯᠠᠪᠠᠢ 8883.31 ᠮᠦ ᠳᠤ ᠬᠦᠷᠴᠡᠶ᠃ ᠲᠥᠷᠥᠯ ᠵᠦᠶᠯ ᠤᠨ ᠳᠠᠩᠰᠠ | ᠡᠪᠬᠡᠮᠡᠯ ᠳᠤ ᠣᠷᠣᠭᠤᠯᠣᠭᠰᠠᠨ ᠨᠢ 89 ᠪᠣᠳᠢ ᠳᠤ ᠬᠦᠷᠴᠣ᠂ ᠥᠪᠡᠷᠲᠡᠭᠡᠨ ᠵᠠᠰᠠᠬᠤ ᠣᠷᠣᠨ ᠤ ᠨᠠᠶᠢᠳᠠᠭᠰᠠᠨ | ᠲᠤᠬᠠᠶ ᠶᠢᠨ ᠲᠠᠯᠠᠪᠠᠢ ᠶᠢᠨ ᠪᠠᠶᠢᠴᠠᠭᠠᠨ ᠰᠢᠯᠭᠠᠬᠤ 79 ᠲᠥᠷᠥᠯ ᠵᠦᠶᠯ ᠢ ᠪᠡᠶᠡᠯᠡᠭᠦᠯᠪᠡ᠃ |