10 ᠰᠠᠷ᠎ᠠ ᠶᠢᠨ 19 ᠤ ᠡᠳᠤᠷ ᠠᠴᠠ 20 ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶᠡᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠡᠨ ᠤ ᠱᠦᠵᠢ ᠯᠢᠨ ᠱᠤᠤ ᠴᠦᠨ | ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠲᠤ ᠢᠷᠡᠵᠥ᠂ ᠬᠠᠷ᠎ᠠ ᠪᠦᠯᠥᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠪᠤᠯᠤᠨ ᠦᠨᠳᠦᠰᠦᠨ ᠱᠠᠳᠤᠨ ᠤ ᠨᠡᠶᠢᠬᠡᠮ ᠤᠨ ᠵᠠᠰᠠᠯᠳᠠ ᠵᠡᠷᠬᠡ ᠠᠵᠢᠯ ᠳᠤ | ᠪᠠᠶᠢᠴᠠᠭᠠᠨ ᠰᠤᠳᠤᠯᠤᠯᠳᠡ ᠬᠢᠪᠡ᠃ | ᠠᠷᠪᠠᠨ ᠰᠠᠷ᠎ᠠ ᠶᠢᠨ ᠤᠮᠠᠷᠠᠳᠤ ᠬᠢᠯᠢ ᠶᠢᠨ ᠡᠬᠡ ᠭᠠᠵᠠᠷ ᠲᠤ᠂ ᠨᠠᠮᠤᠷ ᠤᠨ ᠰᠠᠯᠬᠢ ᠲᠠᠭᠠᠯᠠᠮᠵᠢᠳᠠᠢ ᠦᠯᠢᠶᠡᠵᠥ᠂ | ᠤᠬᠳᠠᠷᠭᠤᠢ ᠴᠡᠯᠮᠡᠭᠰᠢᠵᠥ ᠠᠭᠤᠷ ᠠᠮᠢᠰᠬᠤᠯ ᠲᠤᠩᠭᠠᠯᠠᠭ ᠪᠠᠶᠢᠯ᠎ᠠ᠃ ᠯᠢᠨ ᠱᠤᠤ ᠴᠦᠨ ᠶᠤᠸᠠᠨ ᠪᠤᠤ ᠱᠠᠨ | ᠲᠤᠭᠤᠷᠢᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ | ᠠᠯᠪᠠᠨ ᠬᠡᠷ ᠲᠤ ᠢᠷᠡᠵᠥ᠂ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ | ᠡᠬᠡ ᠲᠠᠩᠰᠠ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠥ᠂ ᠬᠠᠷ᠎ᠠ ᠪᠦᠯᠥᠭᠳᠡᠨ ᠬᠠᠷᠬᠢᠰ ᠬᠦᠴᠦᠨ ᠳᠤ | ᠬᠤᠯᠪᠤᠭᠳᠠᠭᠰᠠᠠ ᠬᠡᠷᠡᠭ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠵᠥ ᠰᠢᠯᠵᠢᠬᠦᠯᠥᠨ ᠬᠦᠢᠴᠡᠳᠭᠡᠭᠰᠡᠡ ᠪᠠ | ᠬᠡᠷᠡᠭ ᠢ ᠲᠡᠩᠨᠡᠨ ᠰᠢᠢᠳᠪᠤᠷᠢᠯᠡᠵᠥ ᠪᠠᠶᠢᠴᠠᠭᠠᠨ ᠳ᠋ᠦᠩᠨᠡᠭᠰᠡᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ | ᠤᠳᠤᠬᠠᠨ ᠳᠤ᠂ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠬᠦᠴᠢᠷ ᠢ ᠲᠤᠭᠤᠯᠤᠨ | ᠪᠤᠭᠤᠮᠳᠠ ᠰᠢᠪᠳᠤᠯᠬᠤ ᠰᠢᠨ᠎ᠡ ᠱᠠᠳᠤᠨ ᠳᠤ ᠤᠷᠤᠵᠥ᠂ ᠪᠠᠶᠢᠳᠠᠯ ᠤᠯᠠᠮ ᠪᠤᠳᠤᠯᠢᠶᠠᠨᠳᠠᠢ᠂ ᠡᠬᠦᠷᠬᠡ ᠤᠯᠠᠮ ᠬᠦᠨᠳᠤ | ᠪᠤᠯᠪᠠ᠂ ᠬᠠᠷ᠎ᠠ ᠪᠦᠯᠥᠭᠳᠡᠨ ᠬᠠᠷᠬᠢᠰ ᠬᠦᠴᠦᠨ ᠳᠤ ᠴᠢᠩᠭ᠎ᠠ ᠴᠤᠬᠢᠯᠳᠠ ᠦᠭᠬᠦ ᠪᠠᠶᠢᠳᠠᠯ ᠢ ᠪᠠᠳᠤᠯᠠᠵᠥ᠂ ︽ᠬᠠᠷ᠎ᠠ | ᠪᠦᠯᠥᠭᠳᠡᠨ ᠬᠠᠷᠬᠢᠰ ᠬᠦᠴᠦᠨ ᠤ ᠬᠤᠷᠡᠮᠳᠤᠯ ᠬᠡᠷᠡᠭ ᠢ ᠴᠡᠪᠡᠷᠯᠡᠬᠦ᠂ ᠠᠰᠠᠭᠤᠳᠠᠯ ᠤᠨ ᠰᠦᠪᠡᠭᠴᠢ ᠶᠢ ᠴᠡᠪᠡᠷᠯᠡᠬᠦ᠂ | ᠬᠠᠷ᠎ᠠ ᠪᠦᠯᠥᠭᠳᠡᠨ ᠳᠤ ᠬᠤᠯᠪᠤᠭᠳᠠᠭᠰᠠᠠ ᠬᠡᠷᠡᠭ ᠡᠬᠦᠰᠬᠦ ᠦᠬᠡᠢ ᠪᠠᠶᠢᠬᠤ︾ ᠱᠠᠭᠠᠷᠳᠠᠯᠭ᠎ᠠ ᠶᠤᠰᠤᠭᠠᠷ᠂ ᠲᠦᠢᠯ ᠤᠨ | ᠬᠠᠷᠢᠭᠤᠴᠠᠯᠭ᠎ᠠ ᠲᠠᠢ ᠤᠪᠤᠷ ᠢᠶᠠᠷ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠬᠡᠷᠡᠭᠳᠡᠢ︔ ᠠᠰᠠᠭᠤᠳᠠᠯ ᠤᠨ ᠰᠦᠪᠡᠭᠴᠢ | ᠲᠦᠪᠯᠡᠷᠡᠭᠰᠡᠡ ᠬᠦᠷᠢᠶ᠎ᠡ ᠳᠤ ᠠᠩᠬᠠᠷᠤᠯ ᠢᠶᠠᠨ ᠲᠦᠪᠯᠡᠷᠡᠬᠦᠯᠵᠥ᠂ ᠰᠦᠪᠡᠭᠴᠢ ᠶᠢ ᠪᠠᠶᠢᠴᠠᠭᠠᠬᠤ ᠠᠵᠢᠯ ᠢ | ᠬᠦᠨᠵᠡᠬᠡᠶᠢᠷᠡᠬᠦᠯᠵᠥ᠂ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠥ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠶᠢ | ᠲᠦᠷᠬᠡᠳᠬᠡᠬᠦ ᠪᠠᠷ ᠪᠠᠷᠠᠬᠤ ᠦᠬᠡᠢ᠂ ᠬᠠᠷᠭᠤᠭᠤᠯᠤᠨ ᠪᠠᠶᠢᠴᠠᠭᠠᠬᠤ ᠶᠠᠰᠤ ᠴᠢᠨᠠᠷ ᠢ ᠦᠨᠡᠨ ᠬᠦ ᠪᠠᠳᠤᠯᠠᠵᠥ᠂ ᠬᠡᠷᠡᠭ | ᠪᠤᠯᠭᠠᠨ ᠢ ᠲᠡᠤᠬᠡ ᠶᠢᠨ ᠰᠢᠯᠭᠠᠯᠳᠠ ᠶᠢ ᠲᠠᠭᠠᠭᠠᠵᠥ ᠲᠡᠶᠢᠯᠬᠦ ᠪᠡᠳᠤ ᠬᠡᠷᠡᠴᠢ ᠲᠠᠢ ᠬᠡᠷᠡᠭ ᠪᠤᠯᠭᠠᠨ ᠰᠢᠢᠳᠪᠤᠷᠢᠯᠡᠬᠦ | ᠬᠡᠷᠡᠭᠳᠡᠢ ᠬᠡᠵᠥ ᠵᠢᠭᠠᠵᠥ ᠭᠠᠷᠭᠠᠪᠠ᠃ ᠶᠤᠸᠠᠨ ᠪᠤᠤ ᠱᠠᠨ ᠪᠠᠯᠭᠠᠰᠤᠨ ᠤ ᠵᠢᠶᠠᠨ ᠴᠠᠩ ᠶᠢᠩ ᠲᠤᠰᠬᠤᠨ ᠪᠤᠯ | ︽ᠪᠦᠬᠦ ᠤᠯᠤᠰ ᠤᠨ ᠴᠢᠨᠡᠭᠡᠯᠢᠭ ᠲᠡᠷᠢᠬᠦᠨ ᠤ ᠲᠤᠰᠬᠤᠨ︾ ᠪᠠ ︽ᠪᠦᠬᠦ ᠤᠯᠤᠰ ᠤᠨ ᠪᠤᠯᠪᠠᠰᠤᠨ ᠲᠤᠰᠬᠤᠨ︾ | ᠪᠠᠶᠢᠵᠤ᠂ ᠤᠢᠢᠷ᠎ᠡ ᠶᠢᠨ ᠵᠢᠯ ᠠᠴᠠ ᠨᠠᠭᠠᠰᠢ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠶᠢ ᠪᠠᠷᠢᠮᠳᠠᠯᠠᠵᠤ᠂ | ᠬᠠᠮᠳᠤ ᠶᠢᠨ ᠠᠵᠤ ᠠᠬᠤᠢᠢᠯᠡᠯ ᠢ ᠶᠡᠭᠡ ᠪᠠᠷ ᠡᠷᠬᠢᠯᠡᠵᠤ᠂ ᠪᠦᠬᠦ ᠲᠤᠰᠬᠤᠨ ᠤ ᠠᠷᠠᠳ ᠤᠨ ᠬᠠᠮᠳᠤ ᠪᠠᠷ | ᠴᠢᠨᠡᠭᠡᠯᠢᠭᠵᠢᠬᠦ ᠶᠢ ᠪᠠᠶᠠᠯᠡᠬᠦᠯᠪᠠ᠃ ᠯᠢᠨ ᠱᠤᠤ ᠴᠦᠨ ᠲᠤᠰᠬᠤᠨ ᠳᠤ ᠬᠦᠷᠴᠤ᠂ ᠲᠤᠬᠠᠢ ᠶᠢᠨ ᠭᠠᠵᠠᠷ ᠤᠨ ᠺᠠᠳ᠋ᠷ | ᠤᠯᠠᠨ ᠲᠦᠮᠡᠨ ᠲᠠᠢ ᠲᠤᠳᠤᠨᠤ ᠪᠠᠷ ᠶᠠᠷᠢᠯᠴᠠᠪᠠ᠃ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠦᠨᠳᠦᠰᠦᠨ ᠱᠠᠳᠤᠨ ᠳᠤ ᠬᠦᠨᠵᠡᠭᠡᠶᠢᠷᠠᠵᠤ᠂ ᠦᠨᠳᠦᠰᠦᠨ ᠱᠠᠳᠤᠨ ᠳᠤ ᠦᠢᠯᠡᠴᠢᠯᠡᠵᠤ᠂ ᠦᠨᠳᠦᠰᠦᠨ ᠱᠠᠳᠤᠨ ᠤ | ᠨᠡᠶᠢᠭᠡᠮ ᠤᠨ ᠵᠠᠰᠠᠯᠳᠠ ᠶᠢ ᠤᠳᠤᠷᠢᠳᠬᠤ ᠲᠦᠷᠦᠯᠬᠢ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠨᠠᠮ ᠤᠨ | ᠪᠠᠶᠢᠭᠤᠯᠤᠯᠳᠠ ᠶᠢ ᠠᠳᠬᠤᠵᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠠᠬᠢᠭᠤᠯᠬᠤ ᠠᠵᠢᠯ ᠢ | ᠬᠦᠨᠵᠡᠭᠡᠢ ᠠᠬᠢᠭᠤᠯᠵᠤ᠂ ᠬᠠᠮᠳᠤ ᠶᠢᠨ ᠠᠵᠤ ᠠᠬᠤᠢ ᠶᠢ ᠦᠷᠬᠦᠯᠵᠢᠯᠡᠨ ᠪᠤᠵᠠᠭᠠᠢᠢᠷᠠᠭᠤᠯᠵᠤ᠂ ᠤᠯᠠᠨ ᠲᠦᠮᠡᠨ ᠢ | ᠲᠠᠶᠢᠴᠢᠯᠡᠨ ᠬᠦᠭᠵᠢᠨ ᠴᠢᠨᠡᠭᠡᠯᠢᠭᠵᠢᠬᠦᠯᠬᠦ ᠭᠡᠷᠡᠭᠳᠠᠢ︔ ᠰᠢᠨ᠎ᠡ ᠴᠠᠭ ᠦᠶ᠎ᠡ ᠶᠢᠨ ︽ᠹᠸᠡᠭᠴᠢᠶᠤᠤ ᠶᠢᠨ ᠲᠤᠷᠰᠢᠯᠭ᠎ᠠ︾ | ᠶᠢ ᠪᠠᠷᠢᠮᠳᠠᠯᠠᠨ ᠬᠦᠭᠵᠢᠬᠦᠯᠵᠤ᠂ ᠵᠦᠷᠢᠴᠡᠯ ᠵᠢᠭᠤᠷᠠᠯᠳᠤᠭᠠᠨ ᠢ ᠰᠢᠢᠳᠪᠤᠷᠢᠯᠡᠬᠦ ᠲᠤᠬᠳᠠᠴᠠ ᠶᠢ ᠪᠦᠷᠢᠨᠰᠢᠬᠦᠯᠵᠤ᠂ | ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠡᠭᠡᠭᠰᠢᠯᠡᠬᠦᠯᠵᠤ᠂ ᠦᠨᠳᠦᠰᠦᠨ ᠱᠠᠳᠤᠨ ᠤ | ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ | ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠯᠢᠨ ᠱᠤᠤ ᠴᠦᠨ ᠪᠠᠰᠠ ᠫᠢᠡᠭᠵᠤᠸᠠᠩ ᠨᠡᠬᠦᠷᠡᠰᠤᠨ ᠤ | ᠦᠢᠯᠡᠰ ᠤᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠶᠤᠸᠠᠨ ᠪᠤᠤ ᠱᠠᠨ ᠵᠠᠳᠠᠭᠠᠢ ᠨᠡᠬᠦᠷᠡᠰᠤᠨ ᠠᠭᠤᠷᠬᠠᠢ ᠪᠤᠯᠤᠨ | ᠶᠤᠸᠠᠨ ᠪᠤᠤ ᠱᠠᠨ ᠤᠯᠠᠨ ᠤᠯᠤᠰ ᠤᠨ ᠴᠢᠬᠢ ᠲᠡᠷᠢᠬᠤ ᠤᠨᠴᠠᠯᠢᠬᠳᠤ ᠪᠠᠯᠭᠠᠰᠤᠨ ᠳᠤ ᠬᠦᠷᠴᠤ᠂ ᠮᠡᠷᠭᠡᠵᠢᠯᠳᠠᠨ ᠲᠠᠢ | ᠬᠦᠨᠵᠡᠭᠡᠢ ᠶᠠᠷᠢᠯᠴᠠᠵᠤ᠂ ᠦᠢᠯᠡᠳᠪᠤᠷᠢᠯᠡᠯ ᠡᠵᠡᠩᠨᠡᠯᠳᠠ ᠶᠢᠨ ᠪᠠᠶᠢᠳᠠᠯ ᠢ ᠨᠠᠷᠢᠨ ᠤᠢᠢᠯᠠᠭᠠᠵᠤ᠂ ᠤᠰᠤᠨ ᠤ ᠡᠬᠢ | ᠪᠠᠶᠠᠯᠢᠭ ᠢ ᠬᠠᠮᠤᠭ ᠤᠨ ᠬᠠᠳᠠᠭᠤ ᠬᠢᠵᠠᠭᠠᠷᠯᠡᠯ ᠪᠤᠯᠭᠠᠵᠤ᠂ ᠠᠵᠤ ᠦᠢᠯᠡᠰ ᠢ ᠬᠦᠭᠵᠢᠬᠦᠯᠬᠦ ᠶᠢ ᠰᠢᠨᠵᠢᠯᠡᠬᠦ | ᠤᠬᠠᠭᠠᠨᠴᠢ ᠪᠠᠷ ᠲᠦᠯᠦᠪᠵᠢᠬᠦᠯᠵᠤ᠂ ᠠᠵᠤ ᠦᠢᠯᠡᠳᠪᠤᠷᠢ ᠲᠡᠷᠢᠶᠠᠯᠠᠩ ᠤᠨ ᠤᠰᠤ ᠠᠷᠪᠢᠯᠠᠬᠤ ᠶᠢ ᠶᠡᠭᠡ ᠪᠠᠷ | ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠦᠯ ᠦᠭᠡᠢ ᠬᠦᠭᠵᠢᠯᠳᠠ ᠪᠠᠷ ᠤᠳᠤᠷᠢᠳᠤᠮᠵᠢ | ᠪᠤᠯᠭᠠᠬᠤ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠭᠡᠷᠡᠭᠳᠠᠢ ᠭᠡᠵᠤ | ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ | ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃ |