ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ 2019 ᠣᠨ ᠤ 21 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/10/22

     10 ᠰᠠᠷ᠎ᠠ ᠶᠢᠨ 16 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠳᠦᠷᠦᠬᠦᠦ ᠭᠤᠷᠪᠠᠨ ᠤᠯᠠᠷᠢᠯ ᠤᠨ ᠠᠵᠥ ᠠᠬᠤᠢ ᠶᠢᠨ ᠪᠠᠶᠢᠳᠠᠯ ᠢ ᠰᠤᠳᠤᠯᠤᠨ ᠵᠠᠳᠠᠯᠪᠠ᠃
     ᠬᠤᠷᠠᠯ ᠠᠴᠠ᠂ ᠡᠨᠡ ᠵᠢᠯ ᠠᠴᠠ ᠨᠠᠭᠠᠰᠢ ᠭᠠᠳᠠᠨᠠᠬᠢ ᠠᠶᠤᠯ ᠳᠦᠭᠰᠢᠬᠦᠷᠢ ᠪᠠ ᠦᠷᠢᠰᠦᠯᠳᠦᠬᠡᠨ ᠢᠯᠡᠳᠳᠡ ᠨᠡᠮᠡᠭᠳᠡᠵᠤ᠂ ᠠᠵᠥ ᠠᠬᠤᠢ ᠮᠠᠭᠤᠳᠠᠬᠤ ᠳᠠᠷᠤᠯᠳᠠ ᠦᠷᠬᠦᠯᠵᠢᠯᠡᠨ ᠴᠢᠩᠭᠠᠷᠠᠬᠰᠠᠨ ᠬᠦᠨᠳᠤ ᠬᠡᠴᠡᠬᠦᠦ ᠨᠠᠷᠢᠨ ᠪᠤᠳᠤᠯᠢᠶᠠᠨᠳᠠᠢ ᠪᠠᠶᠢᠳᠠᠯ ᠤᠨ ᠡᠮᠦᠨ᠎ᠠ᠂ ᠪᠦᠬᠦ ᠤᠷᠤᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠡᠯ᠎ᠡ ᠵᠦᠢᠯ ᠤᠨ ᠬᠦᠴᠢᠷ ᠪᠡᠷᠬᠡᠰᠢᠶᠠᠯ ᠪᠤᠯᠤᠨ ᠦᠷᠢᠰᠦᠯᠳᠦᠬᠡᠨ ᠢ ᠢᠳᠡᠪᠬᠢᠳᠡᠢ ᠠᠷᠭᠠᠴᠠᠭᠠᠨ᠂ ᠪᠦᠬᠦ ᠤᠷᠤᠨ ᠤ ᠠᠵᠥ ᠠᠬᠤᠢ ᠶᠢᠨ ᠡᠷᠬᠢᠯᠳᠡ ᠶᠡᠷᠦᠩᠬᠡᠢ ᠳᠡᠭᠡᠨ ᠳᠤᠬᠳᠠᠭᠤᠨ᠂ ᠳᠤᠬᠳᠠᠭᠤᠨ ᠤ ᠳᠤᠮᠳᠠ ᠠᠬᠢᠯᠳᠠ ᠲᠠᠢ ᠪᠠᠶᠢᠬᠤ ᠪᠠᠶᠢᠳᠠᠯ ᠢᠶᠠᠨ ᠪᠠᠳᠤᠯᠠᠵᠠᠢ ᠬᠡᠵᠥ ᠵᠢᠭᠠᠵᠥ ᠭᠠᠷᠭᠠᠪᠠ᠃
     ᠬᠤᠷᠠᠯ ᠠᠴᠠ᠂ ᠳᠠᠷᠠᠭᠠᠴᠢ ᠶᠢᠨ ᠨᠢᠬᠡ ᠬᠤᠭᠤᠴᠠᠭᠠᠨ ᠳᠤ ︽ᠵᠢᠷᠭᠤᠭ᠎ᠠ ᠶᠢ ᠳᠤᠬᠳᠠᠪᠤᠷᠢᠵᠢᠭᠤᠯᠬᠤ︾ ᠠᠵᠢᠯ ᠢ ᠦᠷᠬᠦᠯᠵᠢᠯᠡᠨ ᠰᠠᠶᠢᠳᠤᠷ ᠬᠢᠵᠥ᠂ ᠠᠵᠥ ᠠᠬᠤᠢ ᠶᠢᠨ ᠡᠷᠬᠢᠯᠳᠡ ᠶᠢᠨ ᠲᠤᠮᠳᠠᠬᠢ ᠠᠰᠠᠭᠤᠳᠠᠯ ᠢ ᠨᠢᠬᠳᠠ ᠠᠩᠬᠠᠷᠤᠨ᠂ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠯᠳᠠ ᠶᠢ ᠳᠤᠬᠳᠠᠪᠤᠷᠢᠵᠢᠭᠤᠯᠤᠨ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠵᠤ᠂ ᠵᠠᠬ᠎ᠠ ᠳᠡᠯᠬᠡᠬᠦᠷ ᠤᠨ ᠬᠠᠩᠭᠠᠯᠭ᠎ᠠ ᠪᠤᠯᠤᠨ ᠪᠠᠷᠠᠭᠠᠨ ᠤ ᠦᠨ᠎ᠡ ᠬᠠᠩᠰᠢ ᠦᠨᠳᠦᠰᠦᠨ ᠳᠡᠭᠡᠨ ᠳᠤᠭᠳᠠᠭᠤᠨ ᠪᠠᠶᠢᠬᠤ ᠶᠢ ᠪᠠᠳᠤᠯᠠᠵᠥ᠂ ᠬᠦᠯᠦᠰᠦᠨ ᠳᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠬᠦᠢᠴᠡᠳ ᠦᠭᠭᠦ ᠶᠢ ᠪᠠᠳᠤᠯᠠᠨ᠂ ᠡᠨᠡ ᠡᠪᠤᠯ ᠢᠷᠡᠬᠦ ᠬᠠᠪᠤᠷ ᠤᠨ ᠨᠡᠬᠦᠷᠡᠰᠤ᠂ ᠴᠠᠬᠢᠯᠭᠠᠨ᠂ ᠰᠢᠳᠠᠮᠠᠬᠠᠢ ᠬᠡᠢ᠂ ᠳᠡᠬᠡᠬᠡᠪᠦᠷᠢ ᠶᠢᠨ ᠪᠠᠳᠤᠯᠠᠭ᠎ᠠ ᠶᠢᠨ ᠠᠵᠢᠯ ᠢ ᠰᠠᠶᠢᠳᠤᠷ ᠬᠢᠵᠥ᠂ ᠤᠯᠠᠨ ᠳᠦᠮᠡᠨ ᠤ ᠬᠠᠯᠠᠭᠤᠨ ᠳᠤᠯᠠᠭᠠᠨ ᠢᠶᠠᠷ ᠡᠪᠤᠯ ᠢ ᠦᠩᠬᠡᠷᠡᠬᠦᠯᠬᠦ ᠶᠢ ᠪᠠᠳᠤᠯᠠᠬᠤ ᠬᠡᠷᠡᠭᠳᠡᠢ᠃ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠥ᠂ ︽ᠪᠠᠬᠢᠵᠢᠭᠦᠯᠬᠦ᠂ ᠴᠢᠩᠭᠠᠳᠬᠠᠬᠤ᠂ ᠲᠡᠭᠡᠭᠰᠢᠯᠡᠭᠦᠯᠬᠦ᠂ ᠰᠢᠯᠤᠭᠤᠳᠬᠠᠬᠤ︾ ᠴᠢᠭᠯᠡᠯᠳᠡ ᠶᠢᠨ ᠳᠤᠭᠤᠷᠢᠨ ᠳᠤ ᠵᠠᠰᠠᠬ ᠤᠨ ᠤᠷᠳᠤᠨ ᠬᠦᠳᠦᠯᠦᠨ ᠵᠢᠯᠤᠭᠤᠳᠬᠤ ᠪᠤᠯᠤᠨ ᠵᠠᠬ᠎ᠠ ᠳᠡᠯᠬᠡᠬᠦᠷ ᠤᠨ ᠳᠤᠬᠳᠠᠴᠠ ᠶᠢ ᠤᠶᠠᠯᠳᠤᠭᠤᠯᠬᠤ ᠶᠢ ᠪᠠᠷᠢᠮᠳᠠᠯᠠᠵᠥ᠂ ᠠᠵᠥ ᠦᠢᠯᠡᠰ ᠤᠨ ᠰᠠᠭᠤᠷᠢ ᠪᠠᠨ ᠳᠡᠰ ᠳᠡᠪᠰᠢᠭᠦᠯᠬᠦ᠂ ᠠᠵᠥ ᠦᠢᠯᠡᠰ ᠤᠨ ᠬᠡᠯᠬᠢᠶ᠎ᠠ ᠪᠠᠨ ᠤᠳᠤᠬᠢᠴᠢᠯᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠡᠢ᠃ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠢ ᠦᠷᠬᠦᠯᠵᠢᠯᠡᠨ ᠰᠢᠯᠢᠳᠡᠭᠵᠢᠬᠦᠯᠵᠥ᠂ ᠰᠦᠢᠳᠬᠡᠯ ᠢ ᠪᠠᠭᠤᠷᠠᠭᠤᠯᠵᠤ ᠭᠠᠶᠢᠯᠢ ᠶᠢ ᠬᠦᠩᠬᠡᠷᠡᠬᠦᠯᠬᠦ ᠪᠤᠯᠤᠨ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠡᠷᠴᠢᠮ ᠢᠶᠠᠨ ᠤᠯᠠᠮ ᠨᠢᠬᠡ ᠠᠯᠬᠤᠮ ᠴᠢᠩᠭᠠᠷᠠᠭᠤᠯᠵᠥ᠂ ᠠᠵᠥ ᠠᠬᠤᠢᠢᠯᠠᠯ ᠤᠨ ᠠᠮᠢᠵᠢᠷᠠᠯ ᠤᠨ ᠬᠦᠴᠦᠨ ᠢ ᠪᠦᠳᠦᠮᠵᠢᠳᠡᠢ ᠪᠠᠳᠠᠷᠠᠭᠤᠯᠬᠤ ᠬᠡᠷᠡᠭᠳᠡᠢ᠃ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠶᠢ ᠨᠡᠩ ᠴᠢᠬᠤᠯᠠᠴᠢᠯᠠᠵᠥ᠂ ᠤᠯᠤᠰ ᠤᠨ ᠪᠠᠷᠠᠭᠤᠨ ᠤᠷᠤᠨ ᠢ ᠶᠡᠭᠡ ᠪᠠᠷ ᠨᠡᠭᠡᠭᠡᠨ ᠬᠦᠭᠵᠢᠬᠦᠯᠬᠦ᠂ ᠵᠡᠬᠦᠨ ᠬᠤᠶᠢᠳᠤ ᠤᠷᠤᠨ ᠢ ᠬᠦᠭᠵᠢᠭᠦᠯᠦᠨ ᠮᠠᠨᠳᠤᠭᠤᠯᠬᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠵᠡᠷᠬᠡ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠰᠠᠶᠢᠳᠤᠷ ᠨᠠᠶᠢᠳᠠᠪᠤᠷᠢᠵᠢᠭᠤᠯᠵᠥ᠂ ᠮᠠᠨ ᠤ ᠤᠷᠤᠨ ᠤ ᠵᠡᠬᠦᠨ᠂ ᠳᠤᠮᠳᠠ᠂ ᠪᠠᠷᠠᠭᠤᠨ ᠪᠡᠶ᠎ᠠ ᠶᠢᠨ ᠬᠠᠮᠵᠢᠯᠴᠠᠠ ᠬᠦᠭᠵᠢᠬᠦ ᠶᠢ ᠠᠬᠢᠭᠤᠯᠬᠤ ᠬᠡᠷᠡᠭᠳᠡᠢ᠃ ᠬᠦᠨᠳᠤ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ ᠠᠵᠢᠯ ᠢ ᠰᠠᠶᠢᠳᠤᠷ ᠬᠢᠵᠥ᠂ ᠵᠠᠰᠠᠬ ᠤᠨ ᠤᠷᠳᠤᠨ ᠤ ᠦᠷᠢ ᠦᠭᠴᠡᠬᠡᠨ ᠤ ᠠᠶᠤᠯ ᠳᠦᠭᠰᠢᠬᠦᠷᠢ ᠶᠢ ᠯᠠᠪᠳᠠᠭᠤᠨ ᠢᠶᠠᠷ ᠠᠷᠢᠯᠭᠠᠵᠤ᠂ ᠮᠦᠩᠬᠦᠨ ᠬᠦᠢᠯᠬᠡᠬᠡᠨ ᠤ ᠬᠦᠷᠢᠶᠡᠨ ᠳᠠᠬᠢ ᠠᠶᠤᠯ ᠳᠦᠭᠰᠢᠬᠦᠷᠢ ᠶᠢ ᠨᠠᠷᠢᠨ ᠨᠢᠬᠳᠠ ᠬᠢᠨᠠᠨ ᠬᠡᠮᠵᠢᠵᠤ ᠵᠤᠬᠢᠰᠳᠠᠢ ᠰᠢᠢᠳᠪᠦᠷᠢᠯᠡᠨ᠂ ᠰᠢᠰᠲ᠋ᠧᠮ ᠤᠨ ᠴᠢᠨᠠᠷᠳᠠᠢ ᠠᠶᠤᠯ ᠳᠦᠭᠰᠢᠬᠦᠷᠢ ᠡᠬᠦᠰᠭᠡᠬᠦ ᠦᠬᠡᠢ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ ᠬᠡᠵᠥ ᠱᠠᠭᠠᠷᠳᠠᠪᠠ᠃
     ᠬᠤᠷᠠᠯ ᠠᠴᠠ᠂ ᠡᠯ᠎ᠡ ᠵᠦᠢᠯ ᠤᠨ ᠠᠵᠢᠯ ᠨᠢᠬᠡᠨᠳᠡ ᠰᠢᠪᠳᠤᠯᠤᠯᠳᠠ ᠪᠠ ᠰᠢᠪᠳᠤᠷᠠᠭᠠᠨ ᠤ ᠱᠠᠳᠤᠨ ᠳᠤ ᠤᠷᠤᠪᠠ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠭᠤᠤᠯᠳᠠᠯᠭ᠎ᠠ ᠲᠠᠢ ᠠᠵᠢᠯ ᠢ ᠪᠡᠶᠡᠯᠡᠬᠦᠯᠦᠭᠰᠡᠨ ᠪᠠᠶᠢᠳᠠᠯ ᠢᠶᠠᠨ ᠨᠠᠷᠢᠨ ᠬᠢᠨᠠᠮᠠᠭᠠᠢ ᠡᠮᠬᠢᠯᠡᠵᠥ᠂ ᠴᠠᠬ ᠤᠨ ᠬᠦᠰᠦᠨᠦᠭᠳᠤ ᠭᠠᠷᠭᠠᠨ᠂ ᠠᠵᠢᠯ ᠤᠨ ᠠᠬᠢᠴᠠ ᠪᠠᠨ ᠳᠦᠷᠬᠡᠳᠬᠡᠬᠦ ᠬᠡᠷᠡᠭᠳᠡᠢ᠃ ᠳᠠᠭᠠᠤ ᠳᠤᠨᠢ ᠡᠨᠡ ᠵᠢᠯ ᠤᠨ ᠠᠵᠢᠯ ᠢᠶᠠᠨ ᠨᠠᠷᠢᠨ ᠬᠢᠨᠠᠮᠠᠭᠠᠢ ᠰᠠᠶᠢᠳᠤᠷ ᠳ᠋ᠦᠩᠨᠡᠵᠥ᠂ ᠢᠷᠡᠬᠦ ᠵᠢᠯ ᠤᠨ ᠠᠵᠢᠯ ᠢᠶᠠᠨ ᠡᠷᠳᠡ ᠠᠴᠠ ᠰᠠᠶᠢᠳᠤᠷ ᠳᠦᠰᠦᠪᠯᠡᠬᠦ ᠬᠡᠷᠡᠭᠳᠡᠢ ᠬᠡᠵᠥ ᠴᠢᠬᠤᠯᠠᠴᠢᠯᠠᠪᠠ᠃
     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ