ᠣᠳᠣᠬᠠᠨ ᠳᠤ᠂ ᠪᠠᠶᠠᠨᠨᠠᠭᠤᠷ ᠬᠤᠲᠠ ᠳᠤ ᠨᠡᠶᠢᠲᠡ 21 ᠠᠵᠤ ᠠᠬᠤᠶᠢᠯᠠᠯ 34 ᠲᠣᠰᠬᠤᠨ ︵ᠭᠠᠴᠠᠭ᠎ᠠ︶ | ᠲᠠᠢ ᠬᠤᠤᠰᠯᠠᠵᠤ᠂ ᠳᠠᠩᠰᠠ ᠪᠠ ᠺᠠᠷᠲ ᠲᠠᠢ 800 ᠶᠠᠳᠠᠭᠤ ᠬᠦᠴᠢᠷᠳᠡᠯᠲᠡᠶ ᠡᠷᠦᠬᠡ ᠶᠢᠨ ᠨᠡᠶᠢᠲᠡ 1949 | ᠬᠥᠮᠦᠨ ᠢ ᠳᠠᠶᠢᠴᠢᠯᠠᠨ ᠳᠠᠭᠠᠭᠤᠯᠵᠤ ᠪᠣᠶ᠃ | ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠶᠢᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ | ᠬᠠᠪᠰᠤᠷᠬᠤ︾ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠡᠬᠢᠯᠡᠨ ᠬᠡᠷᠡᠭᠵᠢᠭᠦᠯᠦᠭᠰᠡᠨ | 4 ᠵᠢᠯ ᠤᠨ ᠲᠤᠷᠰᠢ᠂ ᠪᠦᠬᠦ ᠬᠤᠲᠠ ᠶᠢᠨ ᠡᠯ᠎ᠡ ᠱᠠᠲᠤᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠶᠠᠳᠠᠭᠤ | ᠶᠢ ᠲᠡᠳᠬᠦᠬᠦ ᠠᠯᠪᠠᠨ ᠭᠡᠷ᠂ ᠭᠢᠯᠠᠯᠵᠠᠭᠰᠠᠨ ᠦᠢᠯᠡᠰ ᠢ ᠠᠬᠢᠭᠤᠯᠬᠤ ᠺᠣᠮᠢᠰ᠂ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠢᠳᠡᠪᠬᠢᠲᠡᠢ ᠬᠠᠮᠵᠢᠯᠴᠠᠵᠤ᠂ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢᠳᠡᠪᠬᠢᠲᠡᠢ ᠣᠷᠣᠯᠴᠠᠨ᠂ ᠦᠨᠡᠨ ᠬᠦ ᠬᠠᠪᠰᠤᠷᠴᠤ ᠪᠣᠳᠠᠲᠠᠶ ᠪᠠᠷ ᠲᠡᠳᠬᠦᠵᠦ᠂ ᠶᠠᠳᠠᠭᠤ ᠶᠢ ᠲᠡᠳᠬᠦᠬᠦ | ᠰᠠᠶᠢᠨ ᠦᠷ᠎ᠡ ᠪᠦᠲᠦᠮᠵᠢ ᠣᠯᠵᠠᠶ᠃ ᠣᠳᠣᠬᠠᠨ ᠳᠤ᠂ ᠪᠠᠶᠠᠨᠨᠠᠭᠤᠷ ᠬᠤᠲᠠ ᠳᠤ ᠨᠡᠶᠢᠲᠡ 21 ᠠᠵᠤ ᠠᠬᠤᠶᠢᠯᠠᠯ | 34 ᠲᠣᠰᠬᠤᠨ ︵ᠭᠠᠴᠠᠭ᠎ᠠ︶ ᠲᠠᠢ ᠬᠤᠤᠰᠯᠠᠵᠤ᠂ ᠲᠥᠷᠥᠯ ᠵᠦᠶᠯ ᠤᠨ ᠣᠷᠣᠭᠤᠯᠤᠯᠲᠠ ᠨᠢ 1.05 ᠳ᠋ᠦᠩᠰᠢᠭᠤᠷ | ᠲᠥᠭᠦᠷᠢᠭ ᠲᠤ ᠬᠦᠷᠴᠦ᠂ ᠳᠠᠩᠰᠠ ᠪᠠ ᠺᠠᠷᠲ ᠲᠠᠢ 800 ᠶᠠᠳᠠᠭᠤ ᠬᠦᠴᠢᠷᠳᠡᠯᠲᠡᠶ ᠡᠷᠦᠬᠡ ᠶᠢᠨ ᠨᠡᠶᠢᠲᠡ 1949 | ᠬᠥᠮᠦᠨ ᠢ ᠳᠠᠶᠢᠴᠢᠯᠠᠨ ᠳᠠᠭᠠᠭᠤᠯᠵᠤ ᠪᠤᠢ᠃ ᠡᠭᠦᠨ ᠳᠤ᠂ ᠠᠵᠤ ᠦᠶᠯᠡᠰ ᠢᠶᠠᠷ ᠬᠠᠪᠰᠤᠷᠤᠨ ᠲᠡᠳᠬᠦᠬᠦ ᠳᠤ | 7966 ᠲᠦᠮᠡ ᠢᠯᠡᠭᠦᠦ ᠲᠥᠭᠦᠷᠢᠭ ᠤᠨ ᠪᠡᠯᠡ ᠣᠷᠣᠭᠤᠯᠵᠤ᠂ 1186 ᠬᠥᠮᠦᠨ ᠢ ᠬᠠᠪᠰᠤᠷᠤᠨ ᠲᠡᠳᠬᠦᠪᠡ︔ | ᠮᠡᠷᠭᠡᠵᠢᠯ ᠴᠢᠳᠠᠪᠤᠷᠢ ᠪᠠᠷ ᠬᠠᠪᠰᠤᠷᠤᠨ ᠲᠡᠳᠬᠦᠬᠦ ᠪᠡᠯᠡ ᠣᠷᠣᠭᠤᠯᠤᠯᠲᠠ ᠨᠢ 33 ᠲᠦᠮᠡ ᠢᠯᠡᠭᠦᠦ ᠲᠥᠭᠦᠷᠢᠭ ᠲᠤ | ᠬᠦᠷᠴᠦ᠂ 285 ᠬᠥᠮᠥᠨ ᠢ ᠬᠠᠪᠰᠤᠷᠤᠨ ᠳᠡᠳᠬᠦᠪᠡ︔ 300 ᠬᠥᠮᠦᠨ ᠳᠤ ᠠᠵᠢᠯ ᠣᠯᠭᠤᠵᠤ᠂ 1889 | ᠲᠦᠮᠡᠨ ᠲᠥᠭᠦᠷᠢᠭ ᠤᠨ ᠪᠡᠯᠡ ᠣᠷᠣᠭᠤᠯᠪᠠ︔ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠡᠯ᠎ᠡ ᠵᠦᠶᠯ ᠤᠨ | ᠬᠡᠯᠪᠡᠷᠢ ᠪᠠᠷ ᠨᠡᠶᠢᠲᠡ ᠶᠢᠨ ᠠᠰᠠᠷᠠᠮᠵᠢ ᠪᠠᠷ ᠬᠠᠪᠰᠤᠷᠤᠨ ᠲᠡᠳᠬᠦᠭᠰᠡᠨ ᠨᠢ ᠨᠡᠶᠢᠲᠡ 706 ᠲᠦᠮᠡ ᠢᠯᠡᠭᠦᠦ | ᠲᠥᠭᠦᠷᠢᠭ ᠲᠤ ᠬᠦᠷᠴᠡᠢ᠃ | ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠨᠠᠩ ᠣᠯᠠᠨ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶᠢᠯᠠᠯ ᠪᠣᠯᠤᠨ ᠬᠤᠳᠠᠯᠳᠤᠭᠠᠨ ᠤ ᠨᠡᠶᠢᠭᠡᠮᠯᠢᠭ ᠤᠨ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ | ᠶᠢ ᠵᠣᠷᠢᠭᠵᠢᠭᠤᠯᠤᠨ ᠳᠠᠮᠵᠢᠵᠤ᠂ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠢᠳᠡᠪᠬᠢᠲᠡᠢ | ᠬᠥᠲᠥᠯᠥᠨ ᠵᠢᠯᠣᠭᠤᠳᠴᠤ ᠪᠠᠶᠢᠭᠠᠳ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠬᠡᠷᠡᠭᠯᠡᠭᠡ ᠪᠠᠷ ᠶᠠᠳᠠᠭᠤ ᠶᠢ | ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠣᠶᠤᠨ ᠮᠡᠳᠡᠯᠭᠡ ᠪᠠᠷ ᠶᠠᠳᠠᠭᠤ ᠶᠢ ᠲᠡᠳᠬᠦᠬᠦ᠂ | ᠨᠡᠶᠢᠲᠡ ᠶᠢᠨ ᠠᠰᠠᠷᠠᠮᠵᠢ ᠪᠠᠷ ᠶᠠᠳᠠᠭᠤ ᠶᠢ ᠲᠡᠳᠬᠦᠬᠦ᠂ ᠬᠤᠳᠠᠯᠳᠤᠭᠠᠨ ᠤ ᠨᠡᠶᠢᠬᠡᠮᠯᠢᠭ ᠠᠵᠢᠯ ᠲᠥᠷᠥᠯ ᠢᠶᠠᠷ ᠢᠶᠠᠨ | ᠶᠠᠳᠠᠭᠤ ᠶᠢ ᠲᠡᠳᠬᠦᠬᠦ ᠳᠤ ᠬᠠᠮᠵᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ | ᠣᠯᠠᠨ ᠲᠦᠮᠡᠨ ᠢ ᠬᠠᠪᠰᠤᠷᠤᠨ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠤᠨ᠎ᠠ᠃ ᠶᠠᠳᠠᠭᠤ ᠶᠢ | ᠲᠡᠳᠬᠦᠬᠦ ᠠᠯᠪᠠᠨ ᠭᠡᠷ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠭᠢᠯᠠᠯᠵᠠᠭᠰᠠᠨ ᠦᠢᠯᠡᠰ ᠢ ᠠᠬᠢᠭᠤᠯᠬᠤ | ᠺᠣᠮᠢᠰ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭᠠᠨ ᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠪᠠᠶᠢᠩᠭᠤᠵᠢᠭᠰᠠᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠲᠤᠶᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠳᠤ ᠣᠷᠣᠯᠴᠠᠭᠰᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠲᠥᠷᠦ ᠶᠢᠨ ᠪᠣᠳᠣᠯᠭ᠎ᠠ ᠪᠠ ᠮᠥᠩᠭᠦᠨ ᠭᠦᠶᠯᠭᠡᠭᠡ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ | ᠢᠶᠠᠨ ᠴᠢᠩᠭᠠᠷᠠᠭᠤᠯᠵᠤ᠂ ᠲᠥᠷᠦ ᠶᠢᠨ ᠪᠣᠳᠣᠯᠭ᠎ᠠ ᠪᠠᠷ ᠲᠠᠲᠠᠬᠤ᠂ ᠲᠥᠷᠦ ᠶᠢᠨ ᠪᠣᠳᠣᠯᠭ᠎ᠠ ᠪᠠᠷ ᠳᠡᠮᠵᠢᠬᠦ᠂ ᠲᠥᠷᠦ | ᠶᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠬᠤ ᠪᠠᠷ ᠳᠠᠮᠵᠢᠨ᠂ ᠨᠠᠩ ᠣᠯᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠶᠯᠡᠰ ᠲᠤ ᠣᠷᠣᠯᠴᠠᠭᠤᠯᠤᠨ᠎ᠠ᠃ ᠨᠡᠶᠢᠲᠡᠯᠢᠭ | ᠵᠢᠱᠢᠶ᠎ᠡ ᠪᠣᠯᠣᠨ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠰᠣᠨᠢᠨ ᠤ | ᠬᠤᠷᠢᠶ᠎ᠠ᠂ ᠲᠧᠯᠸᠢᠰ ᠬᠤᠷᠢᠶ᠎ᠠ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠲᠠᠢ ᠢᠳᠡᠪᠬᠢᠲᠡᠢ ᠬᠠᠮᠲᠤᠷᠠᠯᠴᠠᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠠᠵᠢᠯ ᠤᠨ ᠤᠬᠠᠭᠤᠯᠭ᠎ᠠ ᠮᠡᠳᠡᠭᠡᠯᠡᠯ ᠢ | ᠴᠢᠩᠭᠠᠳᠬᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠤᠨ | ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ |