ᠥᠪᠥᠷ ᠮᠣᠩᠭᠤᠯ ᠤᠨ ᠲᠦᠷᠦᠭᠦᠦ ᠭᠤᠷᠪᠠᠨ ᠤᠯᠠᠷᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠢᠳᠡᠪᠬᠢᠲᠡᠢ ᠨᠡᠮᠡᠭᠳᠡᠪᠡ
ᠨᠡᠶᠢᠲᠡᠯᠡᠭᠰᠡᠨ ᠴᠠᠭ᠄
2019/10/24

     2019 ᠣᠨ ᠤ ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠡᠳᠦᠶ ᠲᠡᠳᠦᠶ ᠨᠡᠮᠡᠭᠳᠡᠯ ᠲᠠᠢ ᠪᠣᠯᠵᠤ᠂ ᠪᠥᠬᠦ ᠣᠷᠣᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 4.4 ᠵᠠᠭᠤᠨ ᠤ ᠴᠡᠭ ᠳᠡᠭᠡᠭᠰᠢᠯᠡᠵᠡᠶ᠃
     ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠠᠷᠠᠳ ᠤᠨ ᠳᠤᠮᠳᠠᠬᠢ ᠪᠠᠯᠠ ᠣᠷᠣᠭᠤᠯᠤᠯᠲᠠ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠵᠢᠴᠢ ᠭᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠤ ᠦᠵᠡᠭᠦᠯᠬᠦ ᠳᠠᠶᠢᠴᠢᠯᠠᠬᠤ ᠦᠶᠯᠡᠳᠦᠯ ᠴᠢᠩᠭᠠᠷᠠᠪᠠ᠃ ᠡᠭᠦᠨ ᠳᠤ᠂ ᠪᠦᠬᠦ ᠣᠷᠣᠨ ᠤ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.6% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 6.8 ᠵᠠᠭᠤᠨ ᠤ ᠴᠡᠭ ᠳᠡᠭᠡᠭᠰᠢᠯᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠢ 60% ᠰᠢᠬᠠᠮ ᠳᠤ ᠬᠦᠷᠴᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠭᠤᠤᠯ ᠳᠠᠶᠢᠴᠢᠯᠠᠬᠤ ᠬᠦᠴᠦᠨ ᠪᠣᠯᠪᠠ︔ ᠭᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 851.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 3.2 ᠵᠠᠭᠤᠨ ᠤ ᠴᠡᠭ ᠢᠶᠠᠷ ᠳᠠᠶᠢᠴᠢᠯᠠᠪᠠ᠃
     ᠵᠠᠳᠠᠯᠤᠯᠲᠠ ᠠᠴᠠ ᠦᠵᠡᠪᠡᠯ᠂ ᠣᠷᠣᠨ ᠨᠤᠲᠤᠭ ᠤᠨ ᠲᠤᠰᠬᠠᠶ ᠵᠦᠶᠯ ᠤᠨ ᠵᠢᠭᠡᠯᠡᠯᠭᠡ ᠶᠢᠨ ᠬᠡᠪᠴᠢᠶ᠎ᠡ ᠨᠡᠮᠡᠭᠳᠡᠵᠦ᠂ ᠲᠠᠷᠬᠠᠭᠠᠬᠤ ᠠᠬᠢᠴᠠ ᠲᠦᠷᠭᠡᠳᠦᠭᠰᠡᠨ ᠠᠴᠠ ᠪᠣᠯᠵᠤ᠂ ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠰᠠᠭᠤᠷᠢ  ᠪᠡᠯᠡᠳᠬᠡᠮᠵᠢ ᠶᠢᠨ ᠪᠠᠯᠠ ᠣᠷᠣᠭᠤᠯᠤᠯᠲᠠ ᠠᠯᠬᠤᠮ ᠠᠯᠬᠤᠮ ᠢᠶᠠᠷ ᠨᠡᠮᠡᠭᠳᠡᠨ᠂ ᠢᠯᠠᠩᠭᠤᠶ᠎ᠠ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.7% ᠪᠠᠷ ᠨᠡᠮᠡᠭᠳᠡᠪᠡ᠃ ᠡᠭᠦᠨ ᠤ ᠬᠠᠮᠲᠤ᠂ ᠳᠤᠲᠠᠭᠤᠳᠠᠯ ᠢ ᠨᠥᠬᠦᠪᠥᠷᠢᠯᠡᠬᠦ ᠬᠦᠷᠢᠶᠡᠨ ᠤ ᠪᠡᠯᠡ ᠣᠷᠣᠭᠤᠯᠤᠯᠲᠠ ᠶᠢᠨ ᠡᠷᠴᠢᠮ ᠴᠢᠩᠭᠠᠷᠠᠵᠤ᠂ ᠳᠡᠭᠡᠳᠦ ᠮᠡᠷᠭᠡᠵᠢᠯ ᠤᠨ ᠦᠶᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ 33.6% ᠳᠤ ᠬᠦᠷᠴᠦ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠵᠢᠴᠢ ᠠᠮᠢ ᠠᠬᠤᠢ ᠶᠢᠨ ᠬᠠᠮᠠᠭᠠᠯᠠᠯᠲᠠ ᠪᠣᠯᠤᠨ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠴᠤ ᠲᠠᠰᠤᠷᠠᠯᠲᠠ ᠦᠭᠡᠢ ᠳᠡᠭᠡᠭᠰᠢᠯᠡᠪᠡ᠃  

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ