ᠨᠢᠭᠡ ᠳᠤ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠷᠥ ᠶᠢᠨ ᠪᠣᠳᠣᠯᠭ᠎ᠠ ᠪᠠᠷ | ᠲᠡᠳᠬᠦᠨ ᠳᠠᠮᠵᠢᠵᠤ ᠬᠥᠲᠥᠯᠥᠨ ᠵᠢᠯᠣᠭᠤᠳᠬᠤ ᠶᠢ ᠴᠢᠩᠭᠠᠳᠬᠠᠪᠠ᠃ ︽ᠨᠠᠰᠤᠵᠢᠯ ᠤᠨ ᠠᠰᠠᠷᠠᠮᠵᠢ ᠶᠢᠨ | ᠦᠶᠯᠡᠴᠢᠯᠡᠭᠡᠨ ᠤ ᠦᠶᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾᠂ ︽ᠮᠠᠯᠵᠢᠬᠤ ᠣᠷᠣᠨ ᠤ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾᠂ ︽ᠵᠠᠰᠠᠭ ᠤᠨ ᠣᠷᠳᠣᠨ ᠠᠴᠠ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠭᠰᠠᠨ ᠦᠢᠯᠡᠴᠢᠯᠡᠭᠦᠯᠬᠦ ᠨᠠᠰᠤᠲᠠᠳ ᠲᠤ ᠨᠥᠬᠦᠪᠥᠷᠢ ᠥᠭᠬᠦ | ᠬᠠᠷᠠᠭᠠᠯᠵᠠᠯ ᠤᠨ ᠠᠷᠭ᠎ᠠ︾ ᠶᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠪᠠᠶᠢᠭᠤᠯᠤᠯᠲᠠ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠪᠠ᠃ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠬᠥᠭᠵᠢᠯᠲᠡ ᠶᠢ ᠲᠡᠳᠬᠦᠬᠦ ᠲᠠᠯ᠎ᠠ ᠪᠠᠷ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠭᠠᠵᠠᠷ | ᠰᠢᠷᠣᠢ ᠬᠠᠩᠭᠠᠬᠤ᠂ ᠭᠠᠶᠢᠯᠢ ᠰᠦᠢᠳᠬᠡᠯ ᠬᠠᠰᠤᠵᠤ ᠬᠡᠯᠲᠦᠷᠢᠭᠦᠯᠬᠦ ᠪᠠ ᠪᠦᠲᠦᠭᠡᠨ ᠪᠠᠶᠢᠭᠤᠯᠵᠤ ᠡᠵᠡᠩᠨᠡᠬᠦ ᠳᠤ | ᠨᠥᠬᠦᠪᠥᠷᠢ ᠥᠭᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠣ᠂ ᠬᠠᠮᠢᠶᠠᠷᠴᠤ | ᠡᠵᠡᠩᠨᠡᠬᠦ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠵᠤ᠂ ᠬᠦᠷᠢᠶᠡᠯᠡᠩ ᠲᠣᠭᠤᠷᠢᠭ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠪᠠ᠃ | ᠬᠤᠶᠠᠷ ᠲᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠬᠦ ᠳᠤ | ᠣᠯᠠᠨ ᠡᠰᠢᠲᠦ ᠣᠷᠣᠭᠤᠯᠤᠯᠲᠠ ᠬᠢᠪᠡ᠃ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ | ᠡᠷᠬᠢᠯᠡᠵᠦ ᠠᠯᠪᠠᠨ ᠠᠴᠠ ᠲᠤᠰᠠᠯᠠᠬᠤ ᠵᠡᠷᠭᠡ ᠪᠦᠲᠦᠭᠡᠨ ᠪᠠᠶᠢᠭᠤᠯᠵᠤ ᠡᠵᠡᠩᠨᠡᠬᠦ ᠵᠠᠭᠪᠤᠷ ᠢ ᠬᠡᠷᠡᠭᠯᠡᠵᠦ᠂ ᠡᠳ᠋ ᠤᠨ | ᠵᠠᠰᠠᠭ ᠤᠨ ᠪᠡᠯᠡ ᠮᠥᠩᠭᠦ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ | ᠨᠡᠶᠢᠭᠡᠮ ᠤᠨ ᠪᠡᠯᠡ ᠮᠥᠩᠭᠦ ᠵᠡᠷᠭᠡ ᠣᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ ᠲᠣᠭᠲᠠᠴᠠ ᠶᠢ ᠪᠠᠶᠢᠭᠤᠯᠤᠨ᠂ | ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠮᠠᠯᠵᠢᠬᠤ ᠣᠷᠣᠨ ᠤ ᠬᠦᠴᠢᠷᠳᠡᠯᠲᠡᠶ | ᠬᠦᠮᠦᠰ ᠲᠡᠰᠢ ᠤᠷᠲᠤᠳᠬᠠᠬᠤ ᠶᠢ ᠬᠠᠶᠢᠨ ᠰᠦᠪᠡᠭᠴᠢᠯᠡᠵᠦ᠂ ᠨᠡᠶᠢᠭᠡᠮ ᠤᠨ ᠬᠦᠴᠦᠨ ᠢ ᠳᠠᠶᠢᠴᠢᠯᠠᠨ ᠮᠠᠯᠵᠢᠬᠤ | ᠣᠷᠣᠨ ᠤ ᠨᠠᠰᠤᠵᠢᠯ ᠤᠨ ᠠᠰᠠᠷᠠᠮᠵᠢ ᠶᠢᠨ ᠦᠶᠯᠡᠰ ᠲᠤ ᠢᠳᠡᠪᠬᠢᠲᠡᠢ ᠣᠷᠣᠯᠴᠠᠭᠤᠯᠪᠠ᠃ ᠵᠢᠱᠢᠶᠡᠯᠡᠪᠡᠯ᠂ | ᠰᠢᠯᠢᠩᠬᠤᠲᠠ ᠶᠢᠨ ︽ᠠᠴᠢᠯᠠᠯ ᠨᠡᠷᠡᠮᠵᠢᠳᠦ ᠮᠠᠯᠴᠢᠳ ᠤᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ︾ | ᠨᠢ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠠᠷᠭ᠎ᠠ ᠮᠠᠶ᠋ᠢᠭ ᠢ ᠠᠪᠴᠤ᠂ ᠵᠠᠰᠠᠭ ᠤᠨ ᠣᠷᠳᠣᠨ ᠠᠴᠠ | 8900 ᠭᠠᠷᠤᠶ ᠲᠦᠮᠡᠨ ᠲᠥᠭᠦᠷᠢᠭ ᠪᠠᠯᠠ ᠣᠷᠣᠭᠤᠯᠤᠨ ᠪᠦᠲᠦᠭᠡᠨ ᠪᠠᠶᠢᠭᠤᠯᠵᠤ᠂ ᠠᠪᠠᠭ᠎ᠠ ᠬᠤᠰᠢᠭᠤᠨ ᠤ ︽ | ᠬᠠᠯᠠᠮᠵᠢ ᠨᠡᠷᠡᠮᠵᠢᠳᠦ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ︾ ᠨᠢ ᠠᠷᠠᠳ ᠠᠴᠠ ᠡᠷᠬᠢᠯᠡᠵᠦ | ᠠᠯᠪᠠᠨ ᠠᠴᠠ ᠲᠡᠳᠬᠦᠬᠦ ᠠᠷᠭ᠎ᠠ ᠮᠠᠶ᠋ᠢᠭ ᠢ ᠠᠪᠴᠤ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠢ | ᠠᠵᠤ ᠠᠬᠤᠶᠢᠯᠠᠯ ᠠᠴᠠ ᠥᠭᠡᠷᠡᠴᠢᠯᠡᠨ ᠪᠠᠶᠢᠭᠤᠯᠵᠤ᠂ ᠨᠠᠰᠤᠲᠠᠳ ᠤᠨ ᠭᠡᠷ ᠤᠨ ᠲᠦᠷᠢᠶᠡᠰᠦ ᠪᠠ ᠠᠷᠠᠳ ᠲᠤ | ᠳᠥᠭᠦᠮ ᠦᠵᠡᠭᠦᠯᠬᠦ ᠬᠡᠲᠦ ᠳᠡᠯᠭᠡᠭᠦᠷ᠂ ᠤᠬᠢᠶᠠᠯᠭ᠎ᠠ ᠶᠢᠨ ᠭᠠᠵᠠᠷ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠲᠠᠰᠤᠭ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠲᠠᠯ᠎ᠠ ᠪᠠᠷ ᠵᠠᠰᠠᠭ ᠤᠨ ᠣᠷᠳᠣᠨ ᠠᠴᠠ ᠨᠥᠬᠦᠪᠥᠷᠢ | ᠣᠯᠭᠤᠪᠠ᠃ | ᠭᠤᠷᠪᠠ ᠳᠤ ᠣᠯᠠᠨ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠳᠤ ᠨᠠᠰᠤᠵᠢᠯ ᠤᠨ ᠠᠰᠠᠷᠠᠮᠵᠢ ᠶᠢᠨ | ᠦᠶᠯᠡᠴᠢᠯᠡᠭᠡᠨ ᠤ ᠬᠡᠯᠪᠡᠷᠢ ᠶᠢ ᠪᠠᠶᠠᠯᠢᠭᠵᠢᠭᠤᠯᠪᠠ᠃ ᠮᠠᠯᠵᠢᠬᠤ ᠣᠷᠣᠨ ᠤ ᠣᠯᠠᠨ ᠲᠦᠮᠡᠨ ᠤ ᠪᠣᠳᠠᠲᠠᠢ ᠬᠡᠷᠡᠭᠴᠡᠭᠡ | ᠱᠠᠭᠠᠷᠳᠠᠯᠭ᠎ᠠ ᠶᠢ ᠰᠦᠪᠡᠭᠴᠢᠯᠡᠵᠦ᠂ ᠨᠠᠰᠤᠲᠠᠳ ᠢ ᠠᠰᠠᠷᠠᠬᠤ ᠪᠠ ᠬᠡᠦᠬᠡᠳ ᠪᠤᠶᠢᠵᠢᠭᠤᠯᠬᠤ ᠬᠡᠯᠪᠡᠷᠢ᠂ ᠡᠮᠨᠡᠬᠦ ᠪᠠ | ᠠᠰᠠᠷᠠᠬᠤ ᠶᠢ ᠤᠶᠠᠯᠳᠤᠭᠤᠯᠬᠤ ᠬᠡᠯᠪᠡᠷᠢ᠂ ᠠᠷᠠᠳ ᠤᠨ ᠵᠠᠩ ᠳᠠᠳᠬᠠᠯ ᠲᠠᠢ ᠤᠶᠠᠯᠳᠤᠭᠤᠯᠤᠨ ᠰᠤᠪᠢᠯᠠᠬᠤ ᠬᠡᠯᠪᠡᠷᠢ | ᠵᠡᠷᠭᠡ ᠣᠨᠴᠠᠯᠢᠭᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠪᠤᠢ ᠪᠣᠯᠭᠠᠵᠤ᠂ | ᠨᠠᠰᠤᠲᠠᠶᠢᠴᠤᠳ ᠤᠨ ᠬᠤᠲᠠ ᠣᠷᠣᠵᠤ ᠬᠡᠤᠬᠡᠳ ᠢ ᠪᠠᠨ ᠰᠤᠷᠤᠯᠴᠠᠭᠤᠯᠬᠤ ᠪᠠ ᠬᠤᠶᠢᠴᠢ ᠦᠶ᠎ᠡ ᠶᠢᠨ ᠰᠤᠷᠭᠠᠨ | ᠬᠥᠮᠦᠵᠢᠯ ᠤᠨ ᠠᠰᠠᠭᠤᠳᠠᠯ᠂ ᠮᠠᠯᠵᠢᠬᠤ ᠣᠷᠣᠨ ᠤ ᠬᠦᠴᠢᠷᠳᠡᠯᠲᠡᠢ ᠨᠠᠰᠤᠲᠠᠶᠢᠴᠤᠳ ᠤᠨ ᠡᠮᠨᠡᠨ ᠰᠤᠪᠢᠯᠠᠬᠤ | ᠠᠰᠠᠭᠤᠳᠠᠯ ᠪᠣᠯᠤᠨ ᠬᠤᠲᠠ ᠣᠷᠣᠭᠰᠠᠨ ᠨᠠᠰᠤᠲᠠᠶᠢᠴᠤᠳ ᠤᠨ ︽ᠨᠤᠲᠤᠭ ᠤᠰᠤᠨ ᠤ ᠰᠡᠳᠬᠢᠯᠭᠡ︾ ᠶᠢ ᠨᠢ | ᠬᠠᠯᠠᠮᠵᠢᠯᠠᠬᠤ ᠠᠰᠠᠭᠤᠳᠠᠯ ᠢ ᠰᠢᠢᠳᠪᠦᠷᠢᠯᠡᠪᠡ᠃ | ᠳᠥᠷᠪᠡ ᠳᠤ᠂ ᠣᠯᠠᠨ ᠲᠠᠯ᠎ᠠ ᠪᠠᠷ ᠣᠶᠤᠨᠴᠢᠯᠠᠭᠰᠠᠨ ᠬᠠᠮᠢᠶᠠᠷᠤᠯᠲᠠ ᠦᠶᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠪᠡ᠃ ᠣᠶᠤᠨᠴᠢ ᠨᠠᠰᠤᠵᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠨᠡᠭᠡᠭᠡᠨ | ᠪᠠᠶᠢᠭᠤᠯᠵᠤ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠂ ︽12349︾ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠ ︽12333︾ ᠨᠡᠶᠢᠭᠡᠮ ᠤᠨ ᠪᠠᠲᠤᠯᠠᠭ᠎ᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠨᠠᠰᠤᠲᠠᠶᠢᠴᠤᠳ ᠲᠤ ᠴᠠᠭ ᠲᠤᠬᠠᠢ ᠳᠤ ᠨᠢ | ᠪᠦᠲᠦᠮᠵᠢᠲᠡᠢ ᠠᠪᠤᠷᠠᠨ ᠲᠤᠰᠠᠯᠠᠵᠤ ᠬᠠᠯᠠᠮᠵᠢᠯᠠᠬᠤ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠰᠤᠪᠢᠯᠠᠬᠤ | ᠴᠢᠳᠠᠪᠤᠷᠢᠲᠠᠨ ᠬᠥᠮᠦᠵᠢᠭᠦᠯᠬᠦ ᠪᠠ ᠮᠣᠩᠭᠤᠯ ᠬᠡᠯᠡᠨ ᠤ ᠵᠢᠭᠠᠬᠤ ᠮᠠᠲ᠋ᠧᠷᠢᠶᠠᠯ ᠤᠨ ᠨᠡᠭᠡᠭᠡᠯᠲᠡ ᠶᠢ ᠴᠢᠩᠭᠠᠳᠬᠠᠵᠤ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯᠯᠠᠭᠰᠠᠳ ᠦᠨᠡᠮᠯᠡᠯ ᠲᠠᠢ ᠪᠠᠷ ᠠᠵᠢᠯ ᠤᠨ ᠪᠠᠶᠢᠷᠢᠨ ᠳᠤ | ᠭᠠᠷᠬᠤ ᠪᠠ ᠭᠡᠷᠡᠴᠢᠯᠡᠨ ᠮᠠᠭᠠᠳᠯᠠᠬᠤ ᠳᠦᠷᠢᠮ ᠢ ᠬᠡᠷᠡᠭᠵᠢᠭᠦᠯᠵᠦ᠂ ᠨᠠᠰᠤᠵᠢᠯ ᠤᠨ ᠦᠶᠯᠡᠴᠢᠯᠡᠭᠡᠨ ᠤ | ᠲᠤᠰᠬᠠᠶᠢᠵᠢᠭᠰᠠᠨ ᠬᠢᠷᠢ ᠲᠥᠪᠰᠢᠨ ᠢ ᠳᠡᠭᠡᠭᠰᠢᠯᠡᠭᠦᠯᠪᠡ᠃ |