ᠡᠷᠢᠶᠠᠨ ᠬᠤᠲᠠ ᠶᠢᠨ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019/10/30
     ᠡᠷᠢᠶᠡᠨ ᠬᠤᠲᠠ ᠶᠢᠨ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠤᠨ ᠢᠯᠡᠷᠬᠡᠶᠢᠯᠡᠯ ᠰᠡᠬᠦᠬᠦ ᠶᠣᠰᠣᠯᠠᠯ ᠱᠠᠨ ᠰᠢ ᠬᠤᠸᠠᠩ ᠾᠧ ︵ᠡᠷᠢᠶᠡᠨ ᠬᠤᠲᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠶᠠᠪᠤᠭᠳᠠᠪᠠ᠂ ᠡᠨᠡ ᠨᠢ ᠡᠷᠢᠶᠡᠨ ᠬᠤᠲᠠ ᠶᠢᠨ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠳᠤ᠄ ᠣᠯᠠᠨ ᠤᠯᠤᠰ ᠤᠨ ᠡᠳ᠋ ᠪᠠᠷᠠᠭ᠎ᠠ ᠠᠷᠠᠯᠵᠢᠶᠠᠯᠠᠬᠤ ᠭᠡᠷ᠎ᠡ ᠶᠢ ᠲᠤᠭᠤᠷᠪᠢᠨ ᠪᠢᠴᠢᠬᠦ᠂ ᠬᠢᠨᠠᠨ ᠦᠵᠡᠬᠦ᠂ ᠠᠷᠠᠯᠵᠢᠶᠠᠨ ᠤ ᠲᠡᠳᠬᠦᠮᠵᠢ ᠶᠢᠨ ᠲᠤᠬᠠᠶᠢᠯᠠᠭᠰᠠᠨ ᠠᠵᠢᠯ᠂ ᠭᠠᠳᠠᠭᠠᠳᠤ ᠳᠤ ᠬᠤᠯᠪᠣᠭᠳᠠᠬᠤ ᠠᠷᠠᠯᠵᠢᠶᠠᠨ ᠤ ᠲᠥᠷᠥᠯ ᠵᠦᠢᠯ ᠤᠨ ᠬᠡᠯᠡᠯᠴᠡᠭᠡ᠂ ᠭᠠᠳᠠᠭᠠᠳᠤ ᠳᠤ ᠬᠤᠯᠪᠣᠭᠳᠠᠬᠤ ᠠᠷᠠᠳ ᠤᠨ ᠬᠤᠳᠠᠯᠳᠤᠭᠠᠨ ᠤ ᠶᠠᠪᠤᠳᠠᠯ ᠤᠨ ᠵᠠᠷᠭᠤ᠂ ᠭᠠᠳᠠᠭᠠᠳᠤ ᠳᠤ ᠬᠤᠯᠪᠣᠭᠳᠠᠬᠤ ᠬᠥᠨᠳᠡᠯᠡᠨ ᠤ ᠲᠠᠰᠤᠯᠤᠯᠲᠠ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠡᠯᠡᠯᠴᠡᠭᠡ᠂ ᠳᠤᠮᠳᠠᠳᠤ ᠭᠠᠳᠠᠭᠠᠳᠤ ᠬᠡᠯᠡᠨ ᠤ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠵᠣᠬᠢᠶᠠᠬᠤ᠂ ᠬᠢᠨᠠᠨ ᠬᠠᠷᠭᠤᠭᠤᠯᠬᠤ᠂ ᠵᠠᠰᠠᠪᠤᠷᠢ ᠣᠷᠣᠭᠤᠯᠬᠤ ᠵᠡᠷᠭᠡ ᠪᠠᠭᠲᠠᠨ᠎ᠠ᠃      ᠬᠡᠷᠡᠭ ᠡᠷᠬᠢᠯᠡᠬᠦ ᠭᠠᠵᠠᠷ ᠨᠢ ᠡᠷᠢᠶᠡᠨ ᠬᠤᠲᠠ ᠪᠠ ︽ᠨᠢᠭᠡ ᠪᠦᠰᠡ ᠨᠢᠭᠡ ᠵᠠᠮ︾᠎ ᠤᠨ ᠬᠥᠭᠵᠢᠯᠲᠡ ᠶᠢᠨ ᠬᠡᠷᠡᠭᠴᠡᠭᠡ ᠳᠤ ᠴᠢᠭᠯᠡᠭᠦᠯᠦᠨ᠂ ᠴᠢᠳᠠᠪᠤᠷᠢᠲᠠᠨ ᠪᠠ ᠡᠳ᠋ ᠪᠣᠳᠠᠰ ᠤᠨ ᠨᠥᠭᠡᠴᠡᠯᠡᠯᠲᠡ ᠶᠢ ᠨᠢᠭᠡᠨᠲᠡ ᠪᠡᠶᠡᠯᠡᠭᠦᠯᠵᠦ᠂ ᠦᠨᠡᠨ ᠪᠣᠳᠠᠲᠠᠶ ᠬᠡᠷᠡᠭᠵᠢᠭᠦᠯᠦᠭᠦᠰᠢᠲᠡᠢ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠭᠪᠤᠷ ᠢ ᠪᠤᠢ ᠪᠣᠯᠭᠠᠪᠠ᠂ ᠬᠡᠷᠡᠭ ᠡᠷᠬᠢᠯᠡᠬᠦ ᠭᠠᠵᠠᠷ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢᠨ ᠤᠯᠠᠮ ᠨᠢᠭᠡ ᠠᠯᠬᠤᠮ ᠥᠷᠭᠡᠳᠬᠦ ᠶᠢ ᠳᠠᠭᠠᠯᠳᠤᠨ᠂ ᠶᠡᠷᠦᠩᠬᠡᠶ ᠭᠠᠵᠠᠷ᠂ ᠡᠯ᠎ᠡ ᠰᠠᠯᠪᠤᠷᠢ ᠵᠢᠴᠢ ᠢᠵᠢ ᠪᠦᠷᠢᠳᠦᠭᠰᠡᠨ ᠣᠷᠴᠢᠭᠤᠯᠤᠭᠴᠢ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠺᠣᠮᠫᠠᠨᠢ ᠨᠢ ᠨᠢᠭᠡᠨᠲᠡ ᠨᠢᠭᠡ ᠴᠣᠭᠴᠠᠵᠢᠭᠤᠯᠤᠭᠰᠠᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠦᠯᠦᠭᠯᠡᠯ ᠪᠣᠯᠵᠤ᠂ ᠠᠵᠢᠯᠲᠠᠨ ᠢ ᠪᠠᠭᠲᠠᠭᠠᠭᠰᠠᠨ ᠡᠬᠢ ᠪᠠᠶᠠᠯᠢᠭ ᠢ ᠰᠢᠯᠤᠭᠤᠬᠠᠨ ᠬᠠᠮᠲᠤ ᠪᠠᠷ ᠬᠦᠷᠲᠡᠬᠦ ᠶᠢ ᠪᠡᠶᠡᠯᠡᠭᠦᠯᠪᠡ᠃ ᠬᠡᠷᠡᠭ ᠡᠷᠬᠢᠯᠡᠬᠦ ᠭᠠᠵᠠᠷ  ᠪᠠᠶᠢᠭᠤᠯᠤᠭᠳᠠᠭᠰᠠᠨ ᠨᠢ ᠡᠷᠢᠶᠡᠨ ᠬᠤᠲᠠ ᠶᠢᠨ ︽ᠨᠢᠭᠡ ᠪᠦᠰᠡ ᠨᠢᠭᠡ ᠵᠠᠮ︾᠎ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠨᠠᠩ ᠲᠦᠷᠭᠡᠨ᠂ ᠥᠨᠳᠥᠷ ᠪᠦᠲᠦᠮᠵᠢᠲᠡᠶ ᠠᠭᠤᠰᠤᠯᠴᠠᠵᠤ᠂ ᠭᠠᠳᠠᠭᠠᠳᠤ ᠳᠤ ᠪᠡᠯᠡ ᠣᠷᠣᠭᠤᠯᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠣᠯᠠᠨ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠠᠷᠠᠯᠵᠢᠶ᠎ᠠ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠂ ᠦᠢᠯᠡᠳᠪᠦᠷᠢᠯᠡᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠦᠷᠢᠯᠳᠦᠭᠦᠯᠵᠦ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠨ ᠪᠤᠶᠢᠵᠢᠭᠤᠯᠬᠤ ᠳᠤ ᠭᠦᠢᠴᠡᠳ ᠬᠠᠤᠯᠢ ᠴᠠᠭᠠᠵᠠ ᠶᠢᠨ ᠦᠢᠯᠡᠴᠢᠯᠡᠭᠡᠨ ᠤ ᠳᠡᠮᠵᠢᠯᠭᠡ ᠬᠠᠩᠭᠠᠵᠤ᠂ ᠰᠢᠨ᠎ᠡ ᠴᠠᠭ ᠦᠶ᠎ᠡ ᠳᠤ ᠭᠠᠳᠠᠭᠠᠳᠤ ᠳᠤ ᠪᠡᠯᠡ ᠣᠷᠣᠭᠤᠯᠬᠤ ᠬᠠᠮᠲᠤᠷᠠᠯᠴᠠᠭᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠬᠦ ᠪᠣᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号