ᠲᠦᠩᠯᠢᠶᠣᠤ ᠬᠤᠲᠠ ︽ᠭᠤᠷᠪᠠ ᠶᠢ ᠬᠥᠲᠥᠯᠥᠨ ᠳᠠᠭᠠᠭᠤᠯᠬᠤ︾᠎ ᠪᠠᠨ ᠴᠢᠩᠭᠠᠳᠬᠠᠵᠤ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠵᠤ ᠪᠤᠢ
ᠨᠡᠶᠢᠲᠡᠯᠡᠭᠰᠡᠨ ᠴᠠᠭ᠄
2019/10/30
     ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠣᠶᠢᠷ᠎ᠠ ᠶᠢᠨ ᠵᠢᠯ ᠤᠨ ᠲᠤᠷᠰᠢ᠂ ᠲᠦᠩᠯᠢᠶᠣᠤ ᠬᠤᠲᠠ ︽ᠭᠤᠷᠪᠠ ᠶᠢ ᠬᠥᠲᠥᠯᠥᠨ ᠳᠠᠭᠠᠭᠤᠯᠬᠤ︾᠎ ᠪᠠᠨ ᠲᠠᠰᠤᠷᠠᠯᠲᠠ ᠥᠬᠡᠶ ᠴᠢᠩᠭᠠᠳᠬᠠᠵᠤ᠂ ᠦᠢᠯᠡᠰ ᠴᠣᠭᠴᠠᠯᠠᠵᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃      ᠠᠴᠢᠶᠠᠯᠠᠪᠤᠷᠢ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠠᠪᠴᠠᠩ ᠤᠨ ᠪᠠᠶᠢᠭᠤᠯᠤᠯᠲᠠ ᠶᠢ ᠪᠥᠷᠢᠨᠰᠢᠭᠦᠯᠵᠡᠢ᠃ ᠲᠦᠩᠯᠢᠶᠣᠤ ᠬᠤᠲᠠ ᠡᠯ᠎ᠡ ᠱᠠᠲᠤᠨ ᠤ 22 ᠡᠯ᠎ᠡ ᠲᠥᠷᠥᠯ ᠤᠨ ᠲᠥᠪᠯᠡᠷᠡᠩᠭᠦᠶ ᠬᠡᠯᠪᠡᠷᠢ ᠶᠢᠨ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠪᠠ ᠨᠡᠪᠴᠢᠭᠦᠯᠬᠦ ᠰᠠᠭᠤᠷᠢᠨ ᠭᠠᠵᠠᠷ ᠢ ᠳᠡᠭᠡᠭᠰᠢᠯᠡᠭᠦᠯᠦᠨ ᠪᠥᠷᠢᠨᠰᠢᠭᠦᠯᠵᠦ᠂ ᠦᠢᠯᠡᠰ ᠴᠣᠭᠴᠠᠯᠠᠬᠤ ᠪᠣᠳᠠᠲᠤ ᠴᠣᠭᠴᠠ ᠨᠢ 4000 ᠰᠢᠬᠠᠮ ᠡᠷᠦᠬᠡ ᠪᠣᠯᠵᠤ᠂ 3 ᠲᠦᠮᠡ ᠰᠢᠬᠠᠮ ᠬᠥᠮᠦᠨ ᠳᠤ ᠠᠵᠢᠯ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠳᠥᠷᠪᠡᠨ ᠣᠯᠠᠨ ᠦᠢᠯᠡᠰ ᠴᠣᠭᠴᠠᠯᠠᠬᠤ ᠲᠤᠯᠭᠠᠭᠤᠷᠢᠯᠠᠬᠤ ᠲᠠᠪᠴᠠᠩ ᠢ 4 ᠪᠠᠶᠢᠭᠤᠯᠪᠠ᠃ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠦᠭ ᠲᠦᠮᠡᠨ ᠢᠶᠠᠷ ᠢᠶᠠᠨ ᠦᠢᠯᠡᠰ ᠴᠣᠭᠴᠠᠯᠠᠵᠤ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃      ᠦᠢᠯᠡᠴᠢᠯᠡᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠷᠠᠭᠤᠯᠵᠤ᠂ ᠰᠢᠷᠢᠰ ᠠᠵᠢᠯᠯᠠᠭ᠎ᠠ ᠥᠷᠨᠢᠭᠦᠯᠵᠡᠢ᠃ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠲᠠ ᠳᠤ ᠰᠠᠭᠤᠭ᠎ᠠ 8 ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ 21 ᠦᠢᠯᠡᠰ ᠴᠣᠭᠴᠠᠯᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠪᠡᠯᠡ ᠲᠣᠬᠢᠷᠠᠭᠤᠯᠬᠤ ᠦᠢᠯᠡᠴᠢᠯᠡᠭᠡ ᠶᠢ ᠵᠣᠯᠭᠠᠭᠤᠯᠬᠤ ᠬᠤᠷᠠᠯ ᠬᠤᠷᠠᠯᠳᠤᠭᠤᠯᠪᠠ︔ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠠᠭᠰᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠦᠢᠯᠡᠰ ᠴᠣᠭᠴᠠᠯᠠᠬᠤ ᠯᠧᠺᠲ᠋ᠣᠷ ᠤᠨ ᠤᠷᠤᠯᠳᠤᠭᠠᠨ ᠢ ᠡᠷᠬᠢᠯᠡᠪᠡ︔ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠤᠷᠤᠯᠳᠤᠭᠠᠨ ᠢ ᠡᠷᠬᠢᠯᠡᠪᠡ︔ ᠲᠦᠩᠯᠢᠶᠣᠤ ᠬᠤᠲᠠ ᠶᠢᠨ ᠠᠩᠬᠠᠳᠤᠭᠠᠷ ᠬᠤᠭᠤᠴᠠᠭᠠᠨ ᠤ ᠦᠢᠯᠡᠰ ᠴᠣᠭᠴᠠᠯᠠᠬᠤ ᠤᠷᠤᠯᠳᠤᠭᠠᠨ ᠪᠠ ᠪᠥᠬᠦ ᠬᠤᠲᠠ ᠶᠢᠨ ᠵᠠᠭᠤᠨ ᠨᠡᠷᠡᠰ ︽ᠦᠢᠯᠡᠰ ᠴᠣᠭᠴᠠᠯᠠᠬᠤ ᠣᠳᠣᠨ︾᠎ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠡᠷᠬᠢᠯᠡᠪᠡ︔ ︽112233︾ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠦᠩᠯᠢᠶᠣᠤ ᠶᠢᠨ ᠦᠢᠯᠡᠰ ᠴᠣᠭᠴᠠᠯᠠᠬᠤ ᠲᠣᠤᠷ ᠰᠦᠯᠵᠢᠶ᠎ᠡ ᠶᠢᠨ ᠲᠥᠷᠥᠯ ᠵᠦᠢᠯ ᠢ 2000 ᠰᠢᠬᠠᠮ ᠰᠢᠭᠰᠢᠨ ᠰᠢᠨᠡᠳᠬᠡᠵᠦ᠂ ᠤᠷᠢᠵᠤ ᠬᠡᠷᠡᠭᠯᠡᠵᠦ ᠪᠠᠶᠢᠭ᠎ᠠ ᠦᠢᠯᠡᠰ ᠴᠣᠭᠴᠠᠯᠠᠬᠤ ᠦᠢᠯᠡᠴᠢᠯᠡᠭᠡᠨ ᠤ 22 ᠲᠤᠰᠬᠠᠶ ᠮᠡᠷᠭᠡᠵᠢᠯᠲᠡᠨ ᠤ ᠪᠦᠯᠬᠦᠮ ᠤᠨ ᠪᠦᠷᠢᠯᠳᠦᠬᠦᠨ ᠨᠢ ᠦᠢᠯᠡᠰ ᠴᠣᠭᠴᠠᠯᠠᠬᠤ ᠵᠢᠯᠤᠭᠤᠳᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠨᠡᠶᠢᠲᠡ 9 ᠤᠳᠠᠭ᠎ᠠ ᠥᠷᠨᠢᠭᠦᠯᠪᠡ᠃ ᠪᠦᠬᠦ ᠬᠤᠲᠠ ᠡᠯ᠎ᠡ ᠱᠠᠲᠤᠨ ᠤ ᠡᠯ᠎ᠡ ᠲᠥᠷᠥᠯ ᠤᠨ ᠠᠵᠢᠯ ᠣᠯᠭᠤᠯᠲᠠ ᠶᠢᠨ ᠠᠵᠢᠯᠲᠠᠨ ᠡᠯᠰᠡᠬᠦ ᠬᠤᠷᠠᠯ ᠢ ᠨᠡᠶᠢᠲᠡ 44 ᠲᠠᠯᠠᠪᠤᠷ ᠡᠷᠬᠢᠯᠡᠵᠦ᠂ 8.1 ᠲᠦᠮᠡᠨ ᠠᠵᠢᠯ ᠤᠨ ᠪᠠᠶᠢᠷᠢ ᠬᠠᠩᠭᠠᠵᠤ᠂ 1.4 ᠲᠦᠮᠡᠨ ᠬᠥᠮᠦᠨ ᠤᠳᠠᠭ᠎ᠠ ᠠᠵᠢᠯ ᠣᠯᠪᠠ᠃      ᠵᠢᠭᠡᠯᠡᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠡᠢ᠃ ᠤᠳᠤ ᠪᠣᠯᠲᠠᠯ᠎ᠠ᠂ ᠪᠥᠬᠦ ᠬᠤᠲᠠ ᠦᠢᠯᠡᠰ ᠴᠣᠭᠴᠠᠯᠠᠬᠤ ᠵᠢᠭᠡᠯᠡᠯᠭᠡ ᠶᠢ ᠨᠡᠶᠢᠲᠡ 8000 ᠭᠠᠷᠤᠶ ᠲᠦᠮᠡᠨ ᠲᠥᠭᠦᠷᠢᠭ ᠬᠢᠨᠠᠨ ᠬᠠᠷᠭᠤᠭᠤᠯᠵᠤ ᠪᠠᠲᠤᠯᠠᠭᠠᠳ᠂ ᠤᠳᠤ ᠨᠢᠭᠡᠨᠲᠡ 4394 ᠲᠦᠮᠡᠨ ᠲᠥᠭᠦᠷᠢᠭ ᠲᠠᠷᠬᠠᠭᠠᠵᠤ᠂ 500 ᠭᠠᠷᠤᠶ ᠬᠥᠮᠦᠨ ᠤ ᠦᠢᠯᠡᠰ ᠴᠣᠭᠴᠠᠯᠠᠬᠤ ᠶᠢ ᠰᠢᠭᠤᠳ ᠲᠡᠳᠬᠦᠨ ᠳᠠᠮᠵᠢᠵᠤ᠂ 1500 ᠭᠠᠷᠤᠶ ᠬᠥᠮᠦᠨ ᠤ ᠠᠵᠢᠯ ᠣᠯᠭᠤᠯᠲᠠ ᠶᠢ ᠳᠠᠮ ᠢᠶᠠᠷ ᠳᠠᠶᠢᠴᠢᠯᠠᠭᠰᠠᠨ ᠪᠠᠶᠢᠨ᠎ᠠ᠃ ᠦᠢᠯᠡᠰ ᠴᠣᠭᠴᠠᠯᠠᠬᠤ ᠵᠢᠭᠡᠯᠡᠯᠭᠡ ᠶᠢ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠭᠠᠭᠠᠯᠲᠠᠲᠤ ᠵᠢᠭᠡᠯᠡᠯᠭᠡ ᠵᠢᠴᠢ ᠡᠳ᠋ ᠤᠨ ᠵᠠᠰᠠᠭ ᠤᠨ ᠳᠡᠮ ᠬᠦᠤ ᠲᠠᠢ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号