ᠪᠠᠶᠠᠨᠨᠠᠭᠤᠷ ᠬᠤᠲᠠ ᠶᠢᠨ 171 ᠠᠬᠠᠮᠠᠳ ᠪᠠᠶᠢᠯᠳᠤᠭᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ︾ ᠳᠤᠷᠠᠰᠬᠠᠯ ᠤᠨ ᠲᠡᠮᠳᠡᠭ ᠬᠦᠷᠲᠡᠪᠡ
ᠨᠡᠶᠢᠲᠡᠯᠡᠭᠰᠡᠨ ᠴᠠᠭ᠄
2019/10/9
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠬᠤᠪᠢᠰᠬᠠᠯ ᠤᠨ ᠠᠵᠢᠯ ᠳᠤ ᠣᠷᠣᠯᠴᠠᠭᠰᠠᠨ ᠪᠠᠶᠠᠨᠨᠠᠭᠤᠷ ᠬᠤᠲᠠ ᠶᠢᠨ 171 ᠠᠬᠠᠮᠠᠳ ᠪᠠᠶᠢᠯᠳᠤᠭᠴᠢ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠣᠯᠭᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ︾ ᠳᠤᠷᠠᠰᠬᠠᠯ ᠤᠨ ᠲᠡᠮᠳᠡᠭ ᠢ ᠬᠥᠷᠲᠡᠪᠡ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠰᠢᠷᠢᠰ ᠠᠵᠢᠯᠯᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠬᠤᠪᠢᠰᠬᠠᠯ ᠤᠨ ᠠᠵᠢᠯ ᠳᠤ ᠣᠷᠣᠯᠴᠠᠭᠰᠠᠨ ᠪᠥᠭᠡᠳ ᠡᠷᠡᠭᠦᠯ ᠲᠡᠩᠬᠡᠯᠡᠭᠦᠨ ᠪᠠᠶᠢᠭ᠎ᠠ ᠠᠬᠠᠮᠠᠳ ᠪᠠᠶᠢᠯᠳᠤᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ︾ ᠳᠤᠷᠠᠰᠬᠠᠯ ᠤᠨ ᠲᠡᠮᠳᠡᠭ ᠬᠦᠷᠲᠡᠭᠡᠭᠰᠡᠨ ᠨᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠬᠠᠮᠠᠳ ᠨᠥᠬᠦᠳ ᠤᠨ ᠲᠡᠤᠬᠡᠨ ᠳᠤ ᠦᠵᠡᠭᠦᠯᠦᠭᠰᠡᠨ ᠬᠤᠪᠢ ᠨᠡᠮᠡᠷᠢ ᠪᠣᠯᠤᠨ ᠬᠦᠨᠳᠦ ᠭᠠᠪᠢᠶ᠎ᠠ ᠵᠢᠳᠬᠦᠯ ᠢ ᠪᠠᠲᠤ ᠴᠡᠭᠡᠵᠢᠯᠡᠵᠦ ᠪᠠᠶᠢᠭ᠎ᠠ ᠶᠢ ᠭᠦᠶᠴᠡᠳ ᠢᠯᠡᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠬᠠᠮᠠᠳ ᠪᠠᠶᠢᠯᠳᠤᠭᠴᠢ ᠶᠢ ᠣᠨᠴᠠᠭᠠᠢ ᠬᠦᠨᠳᠦᠳᠬᠡᠨ ᠬᠠᠶᠢᠷᠠᠯᠠᠵᠤ ᠪᠠᠶᠢᠬᠤ ᠶᠢ ᠬᠠᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号