ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠩᠬᠢᠮ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019/11/1
     ᠲᠦᠷᠦᠭᠦᠬᠡᠨ᠂ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠩᠬᠢᠮ ᠪᠠᠶᠢᠭᠤᠯᠤᠭᠳᠠᠪᠠ᠂ ᠡᠨᠡ ᠨᠢ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠶᠯᠡᠴᠢᠯᠡᠭᠡᠨ ᠤ ᠠᠵᠢᠯ ᠪᠠᠰᠠ ᠨᠢᠭᠡ ᠠᠯᠬᠤᠮ ᠤᠷᠤᠭᠰᠢᠯᠠᠭᠰᠠᠨ ᠢ ᠬᠠᠷᠠᠭᠤᠯᠵᠤ ᠪᠤᠢ᠃      ᠣᠶᠢᠯᠠᠭᠠᠭᠰᠠᠨ ᠢᠶᠠᠷ᠂ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠩᠬᠢᠮ ᠨᠢ ᠬᠦᠬᠡᠬᠤᠲᠠ ᠶᠢᠨ ︽ᠥᠪᠥᠷ ᠮᠣᠩᠭᠤᠯ᠂ ᠬᠥᠬᠡᠬᠤᠲᠠ︾ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠵᠡᠭᠦᠨ ᠪᠠᠷᠠᠭᠤᠨ ᠬᠤᠶᠠᠷ ᠲᠠᠯ᠎ᠠ ᠳᠤ ᠪᠠᠶᠢᠷᠢᠯᠠᠵᠤ᠂ 2500 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ 30 ᠲᠤᠬᠠᠶᠢᠯᠠᠭᠰᠠᠨ ᠠᠵᠢᠯ ᠤᠨ ᠴᠣᠩᠬᠤᠪᠴᠢ ᠲᠠᠢ᠂ 6 ᠶᠡᠭᠡ ᠴᠠᠭᠳᠠᠭᠠᠨ ᠤ ᠲᠥᠷᠥᠯ ᠢ ᠲᠥᠪᠯᠡᠷᠡᠭᠦᠯᠦᠨ ᠰᠠᠭᠤᠯᠭᠠᠵᠤ᠂ ᠠᠷᠠᠳ ᠲᠤ ᠳᠥᠭᠦᠮ ᠦᠵᠡᠭᠦᠯᠬᠦ 60 ᠭᠠᠷᠤᠶ ᠵᠦᠶᠯ ᠤᠨ ᠬᠡᠷᠡᠭ ᠶᠠᠪᠤᠳᠠᠯ ᠢ ᠨᠢᠭᠡᠳᠦᠯᠲᠡᠶ ᠰᠢᠶᠳᠪᠦᠷᠢᠯᠡᠵᠦ᠂ 70 ᠰᠢᠬᠠᠮ ᠴᠠᠭᠳᠠᠭ᠎ᠠ ᠡᠷᠭᠢᠨ ᠲᠣᠭᠤᠷᠢᠨ ᠤ ᠬᠤᠲᠠ ᠶᠢᠨ 30 ᠭᠠᠷᠤᠶ ᠲᠦᠮᠡᠨ ᠣᠯᠠᠨ ᠲᠦᠮᠡᠨ ᠳᠤ ᠦᠨᠳᠦᠷ ᠪᠦᠲᠦᠮᠵᠢᠲᠡᠢ ᠪᠠᠷ ᠦᠢᠯᠡᠴᠢᠯᠡᠬᠦ ᠪᠣᠯᠣᠨ᠎ᠠ︔ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠩᠬᠢᠮ ᠨᠢ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ᠂ ᠥᠪᠥᠷ ᠮᠣᠩᠭᠤᠯ ᠤᠨ ᠳᠡᠭᠡᠳᠦ ᠬᠤᠷᠳᠤᠴᠠᠲᠤ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠲᠤᠬᠠᠶᠢᠯᠠᠭᠰᠠᠨ ᠠᠵᠢᠯ ᠤᠨ ᠵᠦᠶᠯᠡᠰ ᠢ ᠲᠥᠪᠯᠡᠷᠡᠭᠦᠯᠦᠨ ᠨᠢᠭᠡᠳᠦᠯᠲᠡᠶ ᠬᠠᠮᠢᠶᠠᠷᠴᠤ᠂ ᠮᠠᠨ ᠤ ᠬᠤᠲᠠ ᠶᠢᠨ ᠵᠡᠭᠦᠨ ᠬᠡᠰᠡᠭ ᠤᠨ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠎ ᠤᠨ ᠦᠶᠯᠡᠴᠢᠯᠡᠭᠡ ᠶᠢᠨ ᠬᠤᠭᠤᠰᠣᠨ ᠣᠷᠣ ᠶᠢ ᠨᠥᠬᠦᠪᠥᠷᠢᠯᠡᠪᠡ᠃ ᠡᠭᠦᠨ ᠤ ᠬᠠᠮᠲᠤ᠂ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠩᠬᠢᠮ ᠨᠢ ᠪᠠᠰᠠ ᠨᠢᠭᠡᠳᠦᠭᠡᠷ ᠳᠠᠪᠬᠤᠷᠯᠢᠭ ᠤᠨ ᠬᠤᠶᠢᠲᠤ ᠲᠠᠯ᠎ᠠ ᠳᠤ ᠴᠠᠭᠳᠠᠭᠠᠨ ᠤ ᠲᠣᠪᠴᠢᠶ᠎ᠠ ᠎ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ 24 ᠴᠠᠭ ᠤᠨ ᠲᠣᠭᠤᠷᠢᠭ ᠭᠠᠷᠭᠠᠵᠤ᠂ ᠲᠠᠯᠠᠪᠠᠢ ᠨᠢ 400 ᠲᠡᠭᠰᠢ ᠳᠥᠷᠪᠡᠯᠵᠢᠨ ᠮᠧᠲᠷ ᠪᠠᠶᠢᠵᠤ᠂ ᠳᠣᠲᠣᠭᠠᠳᠤ ᠶᠢ ᠬᠠᠮᠠᠭᠠᠯᠠᠬᠤ ᠲᠥᠬᠦᠭᠡᠷᠦᠮᠵᠢ ᠶᠢ10 ᠭᠠᠷᠤᠶ ᠰᠠᠭᠤᠷᠢ ᠲᠠᠯᠪᠢᠵᠤ᠂ ᠣᠯᠠᠨ ᠲᠦᠮᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠰᠢᠶᠠᠩᠭᠠᠩ ᠣᠣᠮᠧᠨ ᠢᠶᠠᠷ ᠨᠡᠪᠲᠡᠷᠡᠬᠦ ᠦᠨᠡᠮᠯᠡᠯ᠂ ᠵᠢᠯᠣᠭᠤᠴᠢ ᠶᠢᠨ ᠦᠨᠡᠮᠯᠡᠯ᠂ ᠲᠡᠷᠭᠡ ᠶᠠᠪᠤᠭᠤᠯᠬᠤ ᠦᠨᠡᠮᠯᠡᠯ ᠵᠡᠷᠭᠡ ᠶᠢ ᠴᠠᠭ ᠲᠤᠬᠠᠶ ᠳᠤ ᠨᠢ ᠭᠦᠢᠴᠡᠳᠬᠡᠬᠦ ᠪᠣᠯᠤᠨ᠎ᠠ᠂ ᠪᠠᠰᠠ ᠵᠢᠯᠣᠭᠤᠴᠢ ᠶᠢᠨ ᠪᠡᠶ᠎ᠡ ᠶᠢᠨ ᠪᠠᠶᠢᠴᠠᠭᠠᠯᠲᠠ ᠶᠢ ᠭᠦᠶᠴᠡᠳᠬᠡᠵᠦ᠂ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠴᠢᠯᠠᠯᠲᠠ ᠶᠢᠨ ᠦᠷ᠎ᠡ ᠪᠦᠲᠦᠭᠡᠯ ᠢᠶᠠᠷ ᠠᠷᠠᠳ ᠲᠤ ᠦᠢᠯᠡᠴᠢᠯᠡᠨ᠂ ᠠᠷᠠᠳ ᠲᠤ ᠭᠦᠶᠴᠡᠳ ᠳᠦᠬᠦᠮ ᠦᠵᠡᠭᠦᠯᠬᠦ ᠪᠣᠯᠤᠨ᠎ᠠ᠃       ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠩᠬᠢᠮ ᠨᠢ ᠪᠠᠰᠠ ᠲᠡᠷᠭᠡ ᠬᠥᠰᠬᠡ ᠶᠢ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠢ ᠦᠷᠨᠢᠭᠦᠯᠵᠦ᠂ ᠵᠡᠭᠦᠨ ᠬᠡᠰᠡᠭ ᠤᠨ ᠲᠡᠷᠭᠡᠨ ᠵᠣᠭᠰᠣᠭᠠᠯ ᠤᠨ ᠬᠤᠶᠢᠲᠤ ᠲᠠᠯ᠎ᠠ ᠳᠤ ᠤᠳᠤ ᠶᠠᠭ ᠣᠳᠣᠬᠢᠴᠢᠯᠠᠭᠰᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠡᠷᠭᠡ ᠬᠥᠰᠬᠡ ᠶᠢ ᠪᠠᠶᠢᠴᠠᠭᠠᠨ ᠬᠡᠮᠵᠢᠬᠦ ᠥᠷᠲᠡᠭᠡ ᠶᠢ ᠱᠠᠯᠠᠪᠳᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠲᠡᠷᠭᠡ ᠬᠥᠰᠬᠡ ᠶᠢ ᠪᠠᠶᠢᠴᠠᠭᠠᠨ ᠰᠢᠯᠭᠠᠬᠤ ᠴᠤᠪᠤᠷᠠᠯ ᠱᠤᠭᠤᠮ ᠢ ᠣᠷᠣᠭᠤᠯᠤᠨ ᠠᠪᠴᠢᠷᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠮᠠᠰᠢᠨᠲᠤ ᠲᠡᠷᠭᠡ ᠶᠢᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠬᠠᠩᠭᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号