ᠨᠢᠭᠡ ᠳᠤ ︽ᠲᠠᠯᠪᠢᠬᠤ︾ ᠲᠠᠯ᠎ᠠ ᠪᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ | ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ ᠭᠦᠢᠴᠡᠳᠬᠡᠬᠦ 74 ᠵᠦᠢᠯ ᠤᠨ ᠵᠥᠪᠰᠢᠶᠡᠷᠡᠯ ᠤᠨ | ᠵᠦᠢᠯᠡᠰ ᠢ ᠭᠦᠢᠴᠡᠳᠬᠡᠬᠦ ᠶᠡᠷᠦᠩᠬᠡᠶ ᠴᠠᠭ ᠤᠨ ᠬᠢᠵᠠᠭᠠᠷ ᠢ ᠥᠩᠭᠡᠷᠡᠭᠰᠡᠨ ᠳᠤ 2396 ᠡᠳᠦᠷ ᠪᠠᠶᠢᠭᠰᠠᠨ ᠠᠴᠠ ᠨᠢ | 1375 ᠡᠳᠦᠷ ᠪᠣᠯᠭᠠᠨ ᠪᠣᠭᠤᠨᠢᠰᠬᠠᠵᠤ᠂ 1021 ᠡᠳᠦᠷ ᠪᠣᠭᠤᠨᠢᠰᠬᠠᠨ᠂ ᠵᠦᠢᠯᠡᠰ ᠨᠢᠭᠡᠪᠦᠷᠢ ᠳᠤ ᠳᠤᠮᠳᠠᠴᠢ ᠪᠠᠷ | 13.8 ᠡᠳᠦᠷ ᠪᠣᠭᠤᠨᠢᠰᠬᠠᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠶᠢ ᠬᠦᠯᠢᠶᠡᠨ ᠠᠪᠴᠤ ᠭᠦᠢᠴᠡᠳᠬᠡᠬᠦ ᠶᠡᠷᠦᠩᠬᠡᠶᠢᠯᠡᠭᠰᠡᠨ ᠴᠣᠩᠬᠤᠪᠴᠢ ᠪᠠᠶᠢᠭᠤᠯᠵᠤ᠂ ᠬᠢᠨᠠᠨ | ᠵᠥᠪᠰᠢᠶᠡᠷᠡᠬᠦ ᠴᠠᠭ ᠢ 100 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠪᠠ︔ ᠠᠯᠪᠠᠨ ᠲᠠᠮᠠᠭ᠎ᠠ ᠰᠡᠶᠢᠯᠦᠨ | ᠦᠢᠯᠡᠳᠬᠦ ᠠᠵᠤ ᠠᠬᠤᠶᠢᠯᠠᠯ ᠤᠨ ᠪᠥᠬᠦ ᠣᠷᠣᠨ ᠳᠤ ᠰᠦᠯᠵᠢᠶ᠎ᠡ ᠪᠠᠷ ᠬᠦᠷᠭᠡᠬᠦ ᠳᠡᠰ ᠳᠠᠷᠠᠭᠠᠯᠠᠯ ᠢ ᠤᠷᠢᠳᠠᠪᠠᠷ | ᠨᠡᠭᠡᠭᠡᠨ ᠬᠥᠭᠵᠢᠭᠦᠯᠬᠦ ᠶᠢ ᠠᠬᠢᠭᠤᠯᠪᠠ᠃ | ᠬᠤᠶᠠᠷ ᠲᠤ ︽ᠬᠠᠮᠢᠶᠠᠷᠬᠤ︾ ᠲᠠᠯ᠎ᠠ ᠪᠠᠷ᠂ ᠢᠳᠡᠭᠡᠨ ᠤ ᠵᠦᠢᠯ ᠡᠮ ᠤᠨ ᠵᠦᠢᠯ ᠵᠡᠷᠭᠡ ᠣᠨᠴᠠᠭᠠᠢ | ᠭᠤᠤᠯᠳᠠᠯᠭ᠎ᠠ ᠲᠠᠢ ᠬᠦᠷᠢᠶ᠎ᠡ ᠠᠴᠠ ᠭᠠᠳᠠᠨ᠎ᠠ᠂ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠪᠣᠭᠤᠮᠲᠠ ᠪᠠᠷ | ᠥᠩᠭᠡᠷᠡᠬᠦ ᠪᠠ ᠡᠮᠬᠢ ᠳᠢᠭᠯᠢᠮ ᠢ ᠰᠠᠮᠠᠭᠤᠷᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠬᠦ ᠶᠢ ᠪᠠᠶᠢᠩᠭᠤᠵᠢᠭᠤᠯᠵᠤ᠂ ᠬᠠᠷ᠎ᠠ ᠪᠦᠯᠦᠭᠲᠡᠨ ᠳᠤ ᠬᠤᠯᠪᠣᠭᠳᠠᠭᠰᠠᠨ 1 ᠶᠠᠯᠠᠲᠤ ᠠᠵᠢᠯᠯᠠᠭ᠎ᠠ ᠶᠢ ᠬᠠᠤᠯᠢ | ᠶᠣᠰᠣᠭᠠᠷ ᠰᠢᠢᠳᠬᠡᠪᠡ᠃ | ᠭᠤᠷᠪᠠ ᠳᠤ᠂ ︽ᠦᠢᠯᠡᠴᠢᠯᠡᠬᠦ︾ ᠲᠠᠯ᠎ᠠ ᠪᠠᠷ᠂ 70 ᠵᠦᠢᠯ ᠤᠨ ︽ᠳᠠᠷᠤᠶ ᠲᠦᠷᠭᠡᠨ ᠭᠦᠢᠴᠡᠳᠬᠡᠬᠦ︾ | ᠵᠦᠢᠯᠡᠰ᠂ 15 ᠵᠦᠢᠯ ᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠰᠢᠯᠤᠭᠤᠳᠬᠠᠵᠤ᠂ ᠡᠯ᠎ᠡ | ᠲᠠᠯ᠎ᠠ ᠶᠢᠨ ᠬᠢᠨᠠᠯᠲᠠ ᠶᠢ ᠬᠦᠯᠢᠶᠡᠪᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠠᠬᠢᠭᠤᠯᠵᠤ᠂ | ᠠᠵᠢᠯᠲᠠᠨ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠠᠵᠢᠯᠯᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ᠂ ᠪᠡᠶ᠎ᠡ ᠶᠢᠨ ᠭᠠᠷᠤᠯ ᠢ ᠭᠡᠷᠡᠴᠢᠯᠡᠬᠦ᠂ ᠡᠯᠧᠺᠲᠷᠣᠨ ᠥᠨᠡᠮᠯᠡᠯ ᠢ ᠵᠣᠯᠭᠠᠭᠤᠯᠬᠤ ᠶᠢ ᠭᠤᠤᠯᠳᠠᠯᠭ᠎ᠠ ᠲᠠᠢ | ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠪᠠ ᠪᠠᠶᠢᠴᠠᠭᠠᠯᠲᠠ ᠶᠢ | ᠬᠡᠷᠡᠭᠵᠢᠭᠦᠯᠬᠦ ᠨᠠᠷᠢᠨ ᠬᠠᠭᠤᠳᠠᠰᠤ ᠶᠢ ᠡᠮᠬᠢᠯᠡᠬᠦ᠂ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ ᠵᠡᠷᠭᠡ | ᠣᠨᠴᠠᠯᠢᠭᠲᠤ ᠬᠡᠷᠡᠭᠯᠡᠭᠡᠨ ᠤ ᠵᠣᠯᠭᠠᠭᠤᠯᠬᠤ ᠠᠵᠢᠯ ᠢ ᠪᠡᠶᠡᠯᠡᠭᠦᠯᠪᠡ᠃ |