ᠬᠦᠪᠴᠢ ᠶᠢᠨ ᠡᠯᠡᠰᠦ ᠶᠢᠨ ᠵᠡᠭᠦᠨ ᠦᠵᠦᠭᠦᠷ ᠨᠢ ᠵᠡᠭᠦᠨᠭᠠᠷ ᠬᠤᠰᠢᠭᠤᠨ ᠤ ᠲᠤᠳᠤᠷ᠎ᠠ ᠪᠠᠷᠤᠭ 900 | ᠲᠡᠭᠰᠢ ᠳᠦᠷᠪᠡᠯᠵᠢᠨ ᠺᠢᠯᠦᠮᠧᠲᠷ ᠦᠷᠭᠦᠯᠵᠢᠯᠡᠵᠦ᠂ ᠪᠦᠬᠦ ᠬᠤᠰᠢᠭᠤᠨ ᠤ ᠪᠦᠬᠦ ᠭᠠᠵᠠᠷ ᠰᠢᠷᠦᠢ ᠶᠢᠨ ᠲᠠᠯᠠᠪᠠᠢ ᠶᠢᠨ | 11.7% ᠶᠢ ᠡᠵᠡᠯᠡᠳᠡᠭ᠃ 1999 ᠤᠨ ᠠᠴᠠ ᠡᠩ ᠲᠡᠷᠢᠭᠦᠨ ᠳᠤ ︽ᠮᠠᠯᠵᠢᠬᠤ ᠶᠢ ᠴᠠᠭᠠᠵᠠᠯᠠᠬᠤ ᠵᠠᠷᠯᠢᠭ︾ | ᠢ ᠲᠤᠭᠲᠠᠭᠠᠨ ᠨᠡᠶᠢᠲᠡᠯᠡᠭᠰᠡᠨ ᠠᠴᠠ ᠨᠠᠭᠠᠰᠢ᠂ ᠵᠡᠭᠦᠨᠭᠠᠷ ᠬᠤᠰᠢᠭᠤ ᠤᠯᠤᠰ ᠠᠴᠠ ᠪᠠᠷᠠᠭᠤᠨ ᠪᠦᠰᠡ ᠶᠢᠨ ᠭᠠᠵᠠᠷ | ᠤᠷᠤᠨ ᠢ ᠶᠡᠭᠡ ᠪᠠᠷ ᠨᠡᠭᠡᠭᠡᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠ ᠤᠯᠤᠰ ᠤᠨ ᠤᠢ | ᠰᠢᠭᠤᠢ ᠶᠢᠨ ᠦᠢᠯᠡᠰ ᠤᠨ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠬᠦ ᠲᠡᠦᠬᠡᠲᠦ | ᠲᠤᠬᠢᠶᠠᠯ ᠢ ᠴᠢᠩᠭ᠎ᠠ ᠠᠳᠬᠤᠵᠤ᠂ ᠨᠡᠶᠢᠲᠡ 2.5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ ᠶᠡᠭᠡ | ᠬᠡᠮᠵᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠵᠦ᠂ ᠵᠠᠰᠠᠬᠤ ᠲᠠᠯᠠᠪᠠᠢ ᠨᠢ 90 ᠲᠦᠮᠡᠨ ᠮᠤ᠋ ᠳᠤ | ᠬᠦᠷᠴᠦ᠂ ᠬᠤᠰᠢᠭᠤᠨ ᠲᠤᠲᠤᠷᠠᠬᠢ ᠶᠢᠨ ᠬᠦᠪᠴᠢ ᠶᠢᠨ ᠡᠯᠡᠰᠦ ᠶᠢᠨ ᠤᠢ ᠰᠢᠭᠤᠢ ᠶᠢᠨ ᠡᠬᠢ ᠪᠠᠶᠠᠯᠢᠭ ᠢ | ᠲᠤᠭᠲᠠᠭᠤᠨ ᠢᠶᠠᠷ ᠨᠡᠮᠡᠭᠳᠡᠭᠦᠯᠦᠨ᠂ ᠠᠮᠢ ᠠᠬᠤᠢ ᠶᠢᠨ ᠪᠠᠶᠢᠳᠠᠯ ᠢᠯᠡᠳᠲᠡ ᠰᠠᠶᠢᠵᠢᠷᠠᠭᠰᠠᠨ ᠪᠠᠶᠢᠨ᠎ᠠ᠃ ᠲᠦᠷᠦᠯ | ᠵᠦᠢᠯ ᠤᠨ ᠤᠷᠤᠨ ᠤ ᠭᠠᠵᠠᠷ ᠰᠢᠷᠦᠢ ᠶᠢᠨ ᠠᠰᠢᠭᠯᠠᠯᠲᠠ ᠶᠢᠨ ᠨᠤᠷᠮ᠎ᠠ ᠨᠢ 17% ᠪᠠᠶᠢᠭᠰᠠᠨ ᠠᠴᠠ ᠪᠠᠨ 55% | ᠪᠤᠯᠤᠨ ᠳᠡᠭᠡᠭᠰᠢᠯᠡᠵᠦ᠂ ᠤᠷᠭᠤᠮᠠᠯ ᠤᠨ ᠬᠤᠴᠢᠯᠭ᠎ᠠ 50% ᠳᠤ ᠬᠦᠷᠪᠡ᠃ ᠬᠤᠷ᠎ᠠ ᠲᠤᠨᠤᠳᠠᠰᠤᠨ ᠤ ᠪᠦᠲᠦᠮᠵᠢᠲᠠᠢ | ᠠᠰᠢᠭᠯᠠᠮᠵᠢ ᠶᠢ 5193.66 ᠲᠦᠮᠡᠨ ᠪᠤᠰᠤᠭ᠎ᠠ ᠳᠦᠷᠪᠡᠯᠵᠢᠨ ᠮᠧᠲᠷ ᠪᠤᠯᠭᠠᠨ ᠨᠡᠮᠡᠭᠳᠡᠭᠦᠯᠵᠦ᠂ ᠰᠠᠪᠠ ᠭᠠᠵᠠᠷ | ᠲᠤᠳᠤᠷᠠᠬᠢ ᠨᠠᠯᠠᠤ ᠭᠠᠵᠠᠷ ᠤᠨ ᠪᠠᠷᠢᠯᠭ᠎ᠠ ᠨᠢ ᠤᠰᠦ ᠬᠦᠷᠦᠰᠦᠨ ᠤ ᠢᠳᠡᠭᠳᠡᠯ ᠢ 634.93% ᠲᠦᠮᠡᠨ ᠲᠤᠨ | ᠪᠠᠭᠠᠰᠬᠠᠵᠤ᠂ ᠡᠯᠡᠰᠦ ᠰᠢᠪᠠᠷ ᠢ 2.07 ᠳ᠋ᠥᠩᠰᠢᠭᠤᠷ ᠲᠤᠨ ᠬᠠᠰᠢᠵᠤ ᠬᠠᠳᠠᠭᠠᠯᠠᠨ᠂ ᠬᠠᠰᠢᠵᠤ ᠬᠠᠳᠠᠭᠠᠯᠠᠭᠰᠠᠨ | ᠦᠷ᠎ᠡ ᠪᠦᠲᠦᠮᠵᠢ ᠨᠢ 70% ᠠᠴᠠ ᠳᠡᠭᠡᠭᠰᠢ ᠳᠤ ᠬᠦᠷᠴᠦ᠂ ᠬᠠᠲᠤᠨ ᠭᠤᠤᠯ ᠳᠤ ᠴᠢᠳᠬᠤᠬᠤ ᠡᠯᠡᠰᠦ | ᠰᠢᠷᠦᠢ ᠶᠢ ᠪᠠᠭᠠᠰᠬᠠᠭᠰᠠᠨ ᠢᠶᠠᠷ ᠪᠠᠷᠠᠬᠤ ᠦᠭᠡᠢ᠂ ᠪᠠᠰᠠ ᠦᠶᠡᠷ ᠤᠰᠦᠨ ᠤ ᠭᠠᠮᠰᠢᠭ ᠢ ᠬᠦᠩᠭᠡᠷᠡᠭᠦᠯᠬᠦ ᠵᠤᠷᠢᠯᠭ᠎ᠠ | ᠳᠤ ᠪᠠᠨ ᠬᠦᠷᠴᠦ ᠳᠡᠶᠢᠯᠦᠭᠰᠡᠨ ᠪᠠᠶᠢᠨ᠎ᠠ᠃ ᠡᠭᠦᠨ ᠤ ᠬᠠᠮᠲᠤ᠂ ᠬᠦᠪᠴᠢ ᠡᠯᠡᠰᠦ ᠶᠢᠨ ᠦᠪᠡᠷᠮᠢᠴᠡ ᠦᠵᠡᠮᠵᠢ ᠪᠠ | ᠤᠷᠤᠨ ᠪᠠᠶᠢᠷᠢᠰᠢᠯ ᠤᠨ ᠲᠠᠪᠠᠭᠤᠯᠢᠭ ᠲᠤ ᠲᠦᠰᠢᠭᠯᠡᠨ᠂ ᠾᠧ ᠭᠧ ᠯᠤᠤ ᠪᠤᠯᠤᠩ ᠤᠨ ᠵᠤᠭᠠᠴᠠᠯ ᠤᠨ ᠤᠷᠤᠨ᠂ | ᠰᠢᠶᠤᠤ ᠲᠠᠨ ᠽᠢ ᠬᠦᠳᠡᠭᠡ ᠠᠶᠢᠯ ᠤᠨ ᠴᠡᠩᠭᠡᠯ ᠵᠡᠷᠭᠡ ᠭᠤᠤᠯ ᠳᠠᠠᠭᠤ ᠦᠵᠡᠮᠵᠢ ᠶᠢᠨ ᠠᠵᠤ ᠦᠢᠯᠡᠰ ᠢ ᠪᠠᠶᠢᠭᠤᠯᠪᠠ︔ | ᠬᠦᠪᠴᠢ ᠶᠢᠨ ᠡᠯᠡᠰᠦ ᠶᠢᠨ ᠷᠠᠰᠢᠶᠠᠨ ᠤ ᠦᠵᠡᠮᠵᠢ ᠶᠢᠨ ᠤᠷᠤᠨ᠂ ᠪᠤᠯᠤᠷ ᠨᠠᠭᠤᠷ᠂ ᠦᠪᠦᠷ ᠮᠤᠩᠭᠤᠯ ᠤᠨ | ᠮᠦᠭᠦ ᠶᠢᠨ ᠠᠮᠢᠳᠤ ᠪᠤᠳᠠᠰ ᠵᠡᠷᠭᠡ 3 ᠠᠵᠤ ᠠᠬᠤᠶᠢᠯᠠᠯ ᠤᠨ ᠵᠢᠯ ᠤᠨ ᠤᠷᠤᠯᠭ᠎ᠠ ᠨᠢ 16.36 ᠳ᠋ᠥᠩᠰᠢᠭᠤᠷ | ᠲᠦᠭᠦᠷᠢᠭ ᠲᠤ ᠬᠦᠷᠴᠦ᠂ 1300 ᠭᠠᠷᠤᠢ ᠬᠦᠮᠦᠨ ᠳᠤ ᠠᠵᠢᠯ ᠤᠯᠭᠤᠪᠠ᠃ | |