ᠡᠷᠢᠶᠡᠨ ᠬᠤᠲᠠ ᠵᠣᠭᠰᠤᠴᠠ ᠪᠠᠨ ᠦᠨᠲᠦᠷᠵᠢᠭᠦᠯᠵᠦ ᠶᠡᠷᠦᠩᠭᠡᠶᠢᠯᠡᠭᠰᠡᠨ ᠠᠷᠭ᠎ᠠ ᠪᠣᠲᠤᠯᠭ᠎ᠠ ᠠᠪᠴᠦ᠂ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2019/11/13
     ᠡᠷᠢᠶᠡᠨ ᠬᠤᠲᠠ ᠶᠢᠨ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠪᠠᠶᠢᠭᠤᠯᠤᠭᠳᠠᠭᠰᠠᠨ ᠠᠴᠠ ᠨᠠᠭᠠᠰᠢ ᠡᠯ᠎ᠡ ᠱᠠᠲᠤᠨ ᠤ ᠤᠲᠤᠷᠢᠲᠤᠯᠭ᠎ᠠ ᠤᠯᠤᠰ ᠲᠦᠷᠦ ᠶᠢ ᠡᠷᠬᠢᠮᠯᠡᠵᠦ᠂ ᠠᠯᠤᠰ ᠬᠡᠲᠦ ᠶᠢ ᠪᠣᠳᠣᠯᠬᠢᠯᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠬᠤᠴᠤᠷᠭᠠᠨ ᠰᠢᠢᠳᠪᠦᠷᠢᠯᠡᠬᠦ ᠠᠵᠢᠯ ᠢᠶᠠᠨ ᠠᠮᠤᠷ ᠲᠦᠪᠰᠢᠨ ᠢᠶᠠᠷ ᠶᠠᠪᠣᠭᠳᠠᠭᠤᠯᠬᠤ ᠶᠢ ᠪᠠᠲᠤᠯᠠᠪᠠ᠃      ᠨᠢᠭᠡ ᠳᠤ ᠤᠯᠤᠰ ᠲᠦᠷᠦ ᠶᠢᠨ ᠵᠣᠭᠰᠤᠴᠠ ᠪᠠᠨ ᠳᠡᠭᠡᠭᠰᠢᠯᠡᠭᠦᠯᠵᠡᠢ᠃ ᠬᠤᠴᠤᠷᠭᠠᠨ ᠰᠢᠢᠳᠪᠦᠷᠢᠯᠡᠬᠦ ᠲᠦᠪ ᠢ ᠪᠦᠲᠦᠭᠡᠨ ᠪᠠᠶᠢᠭᠤᠯᠠᠬᠤ ᠨᠢ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠭᠦ ᠨᠢᠭᠡᠨ ᠴᠢᠬᠤᠯᠠ ᠡᠭᠦᠷᠭᠡ ᠪᠦᠭᠡᠳ ᠪᠠᠰᠠᠴᠦ ᠢᠯᠵᠠᠷᠠᠯ ᠢ ᠡᠰᠡᠷᠭᠦᠴᠡᠬᠦ ᠠᠵᠢᠯ ᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠦᠪᠡᠷᠲᠡᠭᠡᠨ ᠵᠠᠰᠠᠬᠤ ᠣᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠪᠣᠯᠤᠨ ᠡᠷᠢᠶᠡᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠲᠤᠨ ᠬᠤᠴᠤᠷᠭᠠᠨ ᠰᠢᠢᠳᠪᠦᠷᠢᠯᠡᠬᠦ ᠲᠦᠪ ᠤᠨ ᠵᠣᠬᠢᠶᠠᠨ ᠪᠠᠶᠢᠭᠤᠯᠤᠯᠲᠠ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠨᠢᠭᠡ ᠵᠦᠢᠯ ᠤᠨ ᠤᠯᠤᠰ ᠲᠦᠷᠦ ᠶᠢᠨ ᠡᠬᠦᠷᠭᠡ ᠪᠠᠷ ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠲᠤᠯᠭ᠎ᠠ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠪᠠ᠃ ᠡᠯ᠎ᠠ ᠱᠠᠲᠤᠨ ᠤ ᠤᠳᠤᠷᠢᠳᠣᠯᠭ᠎ᠠ ᠣᠯᠠᠨ ᠤᠳᠠᠭ᠎ᠠ ᠪᠣᠳᠠᠲᠠᠢ ᠭᠠᠵᠠᠷ ᠲᠤ ᠭᠦᠨᠵᠡᠭᠡᠶᠢᠷᠡᠨ᠂ ᠬᠤᠴᠤᠷᠭᠠᠨ ᠰᠢᠢᠳᠪᠦᠷᠢᠯᠡᠬᠦ ᠲᠦᠪ ᠤᠨ ᠬᠡᠪᠴᠢᠶ᠎ᠡ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠡᠷᠭᠡ ᠰᠢᠷᠢᠰ ᠠᠵᠢᠯ ᠢ ᠳᠠᠬᠢᠨ ᠳᠠᠪᠲᠡᠨ ᠪᠠᠶᠢᠴᠠᠭᠠᠨ ᠰᠣᠲᠤᠯᠵᠦ ᠨᠣᠲᠠᠯᠠᠯᠲᠠ ᠬᠢᠵᠦ᠂ ᠠᠵᠢᠯ ᠤᠨ ᠲᠤᠮᠲᠠ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ ᠴᠠᠭ ᠲᠣᠬᠠᠢ ᠳᠤ ᠨᠢ ᠬᠦᠲᠦᠯᠦᠨ ᠵᠢᠯᠤᠭᠤᠳᠴᠦ᠂ ᠲᠣᠬᠠᠢ ᠶᠢᠨ ᠭᠠᠵᠠᠷ ᠲᠤ ᠨᠢ ᠰᠢᠢᠳᠪᠦᠷᠢᠯᠡᠨ᠂ ᠪᠦᠲᠦᠭᠡᠨ ᠪᠠᠶᠢᠭᠤᠯᠤᠯᠲᠠ ᠶᠢᠨ ᠶᠠᠰᠦ ᠴᠢᠨᠠᠷ ᠪᠠ ᠠᠮᠤᠷ ᠲᠦᠪᠰᠢᠨ ᠤ ᠪᠠᠲᠤᠯᠠᠭ᠎ᠠ ᠵᠡᠷᠭᠡ ᠲᠠᠯ᠎ᠠ ᠪᠠᠷ ᠠᠵᠢᠯ ᠡᠬᠢᠯᠡᠬᠦᠯᠦᠨ ᠪᠦᠲᠦᠭᠡᠨ ᠪᠠᠶᠢᠭᠤᠯᠬᠤ ᠶᠢ ᠪᠦᠷᠢᠨ ᠲᠡᠭᠦᠯᠲᠡᠷ ᠡᠮᠬᠢ ᠵᠢᠷᠦᠮ ᠲᠠᠢ ᠲᠦᠯᠬᠢᠨ ᠠᠬᠢᠭᠤᠯᠪᠠ᠃      ᠬᠤᠶᠠᠷ ᠲᠤ ᠴᠢᠳᠠᠪᠦᠷᠢᠳᠡᠨ ᠣᠷᠦᠭᠤᠯᠤᠨ ᠠᠪᠴᠢᠷᠠᠬᠤ ᠶᠢ ᠴᠢᠬᠤᠯᠠᠴᠢᠯᠠᠵᠠᠢ᠃ ᠡᠷᠢᠶᠡᠨ ᠬᠤᠲᠠ ᠶᠢᠨ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠢ ᠪᠠᠶᠢᠭᠤᠯᠬᠤ ᠶᠢ ᠵᠦᠪᠰᠢᠶᠡᠷᠡᠨ ᠴᠣᠬᠤᠯᠠᠪᠤᠷᠢᠯᠠᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠴᠠᠭ ᠲᠣᠬᠠᠢ ᠳᠤ ᠨᠢ ᠪᠦᠬᠦ ᠤᠯᠤᠰ ᠤᠨ 211᠂ 985 ᠵᠡᠷᠭᠡ ᠭᠤᠣᠯᠳᠠᠯᠭ᠎ᠠ ᠲᠠᠢ ᠶᠡᠭᠡ ᠳᠡᠭᠡᠲᠦ ᠰᠤᠷᠭᠠᠭᠤᠯᠢ ᠠᠴᠠ ᠴᠢᠳᠠᠪᠦᠷᠢᠳᠡᠨ ᠣᠷᠦᠭᠤᠯᠤᠨ ᠠᠪᠴᠢᠷᠠᠵᠦ᠂ ᠲᠡᠳᠡᠨ ᠤ  ᠲᠣᠲᠤᠷ᠎ᠠ ᠠᠴᠠ ᠲᠠᠪᠣᠨ ᠰᠢᠯᠢᠳᠡᠭ ᠬᠦᠮᠦᠰ ᠢ ᠬᠤᠴᠤᠷᠭᠠᠨ ᠰᠢᠢᠳᠪᠦᠷᠢᠯᠡᠬᠦ ᠪᠠᠲᠤᠯᠠᠭ᠎ᠠ ᠶᠢᠨ ᠠᠵᠢᠯ ᠳᠤ ᠲᠣᠬᠢᠷᠠᠭᠤᠯᠤᠭᠰᠠᠨ ᠤ ᠬᠠᠮᠲᠦ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠤᠨ ᠰᠠᠯᠠᠭ᠎ᠠ ᠮᠦᠴᠢᠷ ᠤᠯᠤᠰ ᠲᠦᠷᠦ ᠦᠵᠡᠯ ᠰᠠᠨᠠᠭᠠᠨ ᠤ ᠬᠦᠮᠦᠵᠢᠯ ᠢ ᠢᠳᠡᠪᠬᠢᠲᠠᠢ ᠦᠷᠨᠢᠭᠦᠯᠵᠦ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠲᠠᠰᠤᠷᠠᠯᠲᠠ ᠦᠭᠡᠢ ᠴᠢᠩᠭᠠᠳᠬᠠᠨ᠂ ᠲᠣᠬᠠᠶᠢᠯᠠᠭᠰᠠ ᠠᠵᠢᠯ ᠤᠨ ᠴᠢᠨᠰᠠᠭ᠎ᠠ ᠶᠢ ᠨᠢ ᠳᠡᠭᠡᠭᠰᠢᠯᠡᠭᠦᠯᠵᠦ᠂ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠡᠪ ᠤᠨ ᠶᠣᠰᠤᠭᠠᠷ ᠦᠷᠨᠢᠭᠦᠯᠪᠡ᠃ ᠬᠠᠷᠠᠵᠦ ᠬᠠᠮᠠᠭᠠᠯᠠᠬᠤ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ ᠡᠷᠢᠶᠡᠨ ᠬᠤᠲᠠ 30 ᠨᠡᠷᠡᠰ ᠬᠠᠷᠠᠵᠦ ᠬᠠᠮᠠᠭᠠᠯᠠᠬᠤ ᠲᠤᠰᠠᠯᠠᠭᠴᠢ ᠴᠠᠭᠳᠠᠭ᠎ᠠ ᠶᠢ ᠢᠯᠡ ᠪᠠᠷ ᠡᠯᠰᠡᠬᠦ ᠪᠠᠷ ᠪᠣᠯᠵᠦ᠂ ᠣᠲᠣ ᠡᠯᠰᠡᠬᠦ ᠠᠵᠢᠯ ᠶᠠᠭ ᠶᠠᠪᠤᠭᠳᠠᠵᠦ ᠪᠣᠢ᠃      ᠭᠤᠷᠪᠠ ᠳᠤ ᠲᠦᠷᠢᠮ ᠲᠣᠭᠲᠠᠭᠠᠯ ᠲᠤᠭᠲᠠᠭᠠᠬᠤ ᠶᠢ  ᠴᠢᠩᠭᠠᠳᠬᠠᠵᠠᠢ᠃ ᠬᠤᠴᠤᠷᠭᠠᠨ ᠰᠢᠢᠳᠪᠦᠷᠢᠯᠡᠬᠦ ᠲᠦᠪ ᠤᠨ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠶᠢ ᠪᠦᠷᠢᠨᠰᠢᠬᠦᠯᠦᠭᠰᠡᠨ ᠤ ᠳᠠᠷᠠᠭ᠎ᠠ᠂ ᠲᠦᠷᠢᠮ ᠲᠣᠭᠲᠠᠭᠠᠯ ᠲᠤᠭᠲᠠᠭᠠᠬᠤ ᠶᠢ ᠡᠳᠦᠷ ᠲᠣᠲᠤᠮ ᠤᠨ ᠠᠵᠢᠯ ᠤᠨ ᠴᠢᠬᠤᠯᠠ ᠪᠠᠲᠤᠯᠠᠭ᠎ᠠ ᠪᠣᠯᠤᠭᠰᠠᠨ ᠪᠠᠶᠢᠨ᠎ᠠ᠃ ᠬᠤᠴᠤᠷᠭᠠᠨ ᠰᠢᠢᠳᠪᠦᠷᠢᠯᠡᠬᠦ ᠲᠦᠪ ᠠᠴᠠ ︽ᠡᠷᠢᠶᠡᠨ ᠬᠤᠲᠠ ᠶᠢᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠤᠨ ᠬᠠᠮᠢᠶᠠᠷᠦᠯᠲᠠ ᠶᠢᠨ ᠳᠦᠷᠢᠮ︾᠂ ︽ᠡᠷᠢᠶᠡᠨ ᠬᠤᠲᠠ ᠶᠢᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠤᠨ ᠬᠢᠨᠠᠨ ᠪᠠᠶᠢᠴᠠᠭᠠᠬᠤ ᠠᠵᠢᠯ ᠤᠨ ᠲᠦᠷᠢᠮ︾᠂ ︽ᠡᠷᠢᠶᠡᠨ ᠬᠤᠲᠠ ᠶᠢᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠤᠨ ᠡᠭᠦᠷᠭᠡ ᠬᠠᠷᠢᠭᠤᠴᠠᠯᠭ᠎ᠠ︾᠂ ︽ᠡᠷᠢᠶᠡᠨ ᠬᠤᠲᠠ ᠶᠢᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠤᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ︾ ᠵᠡᠷᠭᠡ 14 ᠵᠦᠢᠯ ᠤᠨ ᠲᠦᠷᠢᠮ ᠪᠠ 14 ᠵᠦᠢᠯ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠦ᠂ ᠠᠵᠢᠯᠲᠠᠨ ᠤ ᠠᠮᠤᠷ ᠲᠦᠪᠰᠢᠨ ᠤ ᠤᠬᠠᠮᠰᠡᠷ᠂ ᠭᠡᠷᠡᠴᠢ ᠪᠠᠷᠢᠮᠲᠠ ᠶᠢᠨ ᠤᠬᠠᠮᠰᠠᠷ᠂ ᠳᠡᠰ ᠳᠠᠷᠠᠭᠠᠯᠠᠯ ᠤᠨ ᠤᠬᠠᠮᠰᠠᠷ ᠢ ᠴᠢᠩᠭᠠᠳᠬᠠᠵᠦ᠂ ᠬᠡᠷᠡᠭ ᠶᠠᠪᠤᠳᠠᠯ ᠢ ᠪᠠᠶᠢᠴᠠᠭᠠᠨ ᠰᠢᠢᠳᠪᠦᠷᠢᠯᠡᠬᠦ ᠳᠤ ᠪᠠᠲᠦ ᠴᠢᠩᠭ᠎ᠠ ᠲᠦᠷᠢᠮ ᠤᠨ ᠪᠠᠲᠤᠯᠠᠭ᠎ᠠ ᠬᠠᠨᠭ᠍ᠭᠠᠪᠠ᠃      ᠲᠦᠷᠪᠠ ᠳᠤ ᠪᠦᠬᠦᠯᠢ ᠴᠣᠭᠴᠠ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠵᠡᠢ᠃ ᠬᠤᠴᠤᠷᠭᠠᠨ ᠰᠢᠢᠳᠪᠦᠷᠢᠯᠡᠬᠦ ᠲᠦᠪ ᠢ ᠪᠦᠲᠦᠭᠡᠨ ᠪᠠᠶᠢᠭᠤᠯᠬᠤ ᠡᠬᠢᠨ ᠤ ᠦᠶ᠎ᠡ᠂ ᠭᠠᠳᠠᠭᠠᠲᠤ ᠶᠢᠨ ᠬᠦᠮᠦᠨ ᠢ ᠲᠦᠷ ᠬᠤᠷᠢᠬᠤ ᠭᠠᠵᠠᠷ ᠤᠨ ᠪᠠᠷᠠᠭᠤᠨ ᠬᠠᠭᠠᠰ ᠬᠡᠰᠡᠭ ᠢ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠳᠤ ᠬᠤᠪᠢᠶᠠᠷᠢᠯᠡᠨ ᠦᠭᠴᠦ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠪᠤᠯᠭᠠᠵᠠᠢ᠃ ᠬᠤᠴᠤᠷᠭᠠᠨ ᠰᠢᠢᠳᠪᠦᠷᠢᠯᠡᠬᠦ ᠲᠦᠪ ᠠᠵᠢᠯᠯᠠᠭᠰᠠᠨ ᠤ ᠳᠠᠷᠠᠭ᠎ᠠ᠂ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠪᠠᠰᠠ ᠲᠣᠲᠤᠭᠠᠲᠦ ᠶᠢ ᠬᠠᠮᠠᠭᠠᠯᠠᠬᠤ ᠰᠠᠯᠠᠭ᠎ᠠ ᠮᠦᠴᠢᠷ ᠤᠨ ᠨᠡᠶᠢᠲᠡ ᠶᠢᠨ ᠬᠤᠭᠤᠯᠠᠨ ᠭᠡᠷ ᠢ ᠬᠤᠴᠤᠷᠭᠠᠨ ᠰᠢᠢᠳᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪ ᠲᠤ ᠬᠤᠪᠢᠶᠠᠷᠢᠯᠠᠨ ᠦᠭᠪᠡ᠃ ᠬᠤᠴᠤᠷᠭᠠᠨ ᠰᠢᠢᠳᠪᠦᠷᠢᠯᠡᠬᠦ ᠲᠦᠪ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯᠲᠠᠨ ᠢ ᠪᠠᠲᠤᠯᠠᠬᠤ ᠶᠢᠨ ᠲᠦᠯᠦᠭᠡ᠂ ᠬᠤᠴᠤᠷᠭᠠᠨ ᠰᠢᠢᠳᠪᠦᠷᠢᠯᠡᠬᠦ ᠶᠢᠨ ᠬᠤᠪᠢᠶᠠᠷᠢ ᠴᠡᠭ ᠢ ᠡᠷᠢᠶᠡᠨ ᠬᠤᠲᠠ ᠶᠢᠨ ᠡᠮᠨᠡᠯᠭᠡ ᠶᠢᠨ ᠬᠤᠷᠢᠶ᠎ᠠ᠂ ᠡᠷᠢᠶᠡᠨ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠷᠢᠶᠡᠨ ᠬᠤᠲᠠ ᠶᠢᠨ ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠲᠠᠢ ᠵᠦᠪᠳᠡᠯᠴᠡᠭᠡᠷ ᠲᠣᠭᠲᠠᠭᠤᠯᠤᠭᠰᠠᠨ ᠪᠦᠭᠡᠳ ︽ᠰᠠᠭᠠᠳ ᠦᠭᠡᠢ ᠨᠡᠪᠲᠡᠷᠡᠬᠦ ᠵᠠᠮ︾᠎ ᠢ ᠪᠠᠶᠢᠭᠤᠯᠵᠦ᠂ ᠬᠤᠲᠠ ᠶᠢᠨ ᠡᠮᠨᠡᠯᠭᠡ ᠶᠢᠨ ᠬᠤᠷᠢᠶ᠎ᠠ ᠪᠠ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠠᠴᠠ ᠬᠤᠴᠤᠷᠭᠠᠨ ᠰᠢᠢᠳᠪᠦᠷᠢᠯᠡᠬᠦ ᠬᠤᠪᠢᠶᠠᠷᠢ ᠴᠡᠭ ᠲᠤ ᠡᠮ ᠡᠮᠨᠡᠯᠭᠡ ᠶᠢᠨ ᠪᠠᠲᠤᠯᠠᠭ᠎ᠠ ᠶᠢᠨ ᠵᠢᠵᠢᠭᠦᠷᠯᠡᠭᠴᠢ ᠲᠣᠬᠢᠷᠠᠭᠤᠯᠵᠦ᠂ ᠪᠠᠴᠢᠮ ᠠᠪᠤᠷᠠᠯᠲᠠ ᠶᠢᠨ ᠲᠦᠭᠦᠭᠡᠷᠦᠮᠵᠢ ᠪᠠ ᠦᠷᠬᠦᠯᠵᠢ ᠬᠡᠷᠡᠭᠯᠡᠬᠦ ᠡᠮ ᠤᠨ ᠵᠦᠢᠯ ᠢ ᠭᠦᠢᠴᠡᠳ ᠲᠣᠬᠢᠷᠠᠭᠤᠯᠵᠠᠢ᠃ ᠡᠮᠨᠡᠯᠭᠡ ᠶᠢᠨ ᠵᠢᠵᠢᠭᠦᠷᠯᠡᠭᠴᠢ ᠠᠵᠢᠯᠲᠡᠨ ᠨᠢ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠢ ᠴᠢᠩᠭ᠎ᠠ ᠵᠢᠷᠦᠮᠯᠡᠨ ᠡᠮ ᠤᠨ ᠵᠦᠢᠯ ᠢ  ᠲᠡᠮᠳᠡᠭᠯᠡᠨ ᠬᠠᠮᠢᠶᠠᠷᠤᠭᠰᠠᠨ ᠪᠠ ᠱᠠᠭᠠᠷᠳᠠᠯᠭ᠎ᠠ ᠶᠣᠰᠤᠭᠠᠷ ᠬᠤᠴᠤᠷᠭᠠᠨ ᠰᠢᠢᠳᠪᠦᠷᠢᠯᠡᠬᠦ ᠡᠳᠡᠭᠡᠳ ᠲᠤ ᠪᠡᠶ᠎ᠠ ᠶᠢᠨ ᠪᠠᠶᠢᠴᠠᠭᠠᠯᠲᠠ ᠬᠢᠵᠦ᠂ ᠬᠤᠴᠤᠷᠭᠠᠨ ᠰᠢᠢᠳᠪᠦᠷᠢᠯᠡᠬᠦ ᠡᠲᠡᠭᠡᠳ ᠤᠨ ᠣᠨᠣᠰᠢᠯᠡᠨ ᠡᠮᠨᠡᠬᠦ ᠳᠠᠩᠰᠠ ᠡᠪᠬᠢᠮᠡᠯ ᠪᠠᠶᠢᠭᠤᠯᠵᠠᠢ︔ ᠴᠠᠬᠢᠯᠭᠠᠨ ᠬᠠᠨᠭ᠍ᠭᠠᠬᠤ ᠰᠠᠯᠠᠭ᠎ᠠ ᠮᠦᠴᠢᠷ ᠠᠴᠠ ᠬᠤᠴᠤᠷᠭᠠᠨ ᠰᠢᠢᠳᠪᠦᠷᠢᠯᠡᠬᠦ ᠲᠦᠪ ᠤᠨ ᠰᠤᠯᠠ ᠴᠠᠬᠢᠯᠭᠠᠨ ᠰᠢᠰᠲ᠋ᠧᠮ ᠳᠤ ᠴᠠᠭ ᠲᠣᠬᠠᠢ ᠳᠤ ᠨᠢ ᠪᠠᠷᠢᠯᠭ᠎ᠠ ᠶᠢᠨ ᠦᠭᠡᠷᠡᠴᠢᠯᠡᠯᠲᠠ ᠬᠢᠪᠡ᠃ ᠨᠢᠭᠡᠲᠦᠮᠡᠯ ᠬᠤᠯᠪᠤᠭᠠᠨ ᠤ ᠺᠣᠮᠫᠠᠨᠢ ᠨᠢ ᠬᠤᠴᠤᠷᠭᠠᠨ ᠰᠢᠢᠳᠪᠦᠷᠢᠯᠡᠬᠦ ᠲᠦᠪ ᠤᠨ ᠴᠢᠮᠡᠭᠡ ᠮᠡᠳᠡᠭᠡ ᠶᠢ ᠰᠠᠭᠠᠳ ᠦᠭᠡᠢ ᠨᠡᠪᠲᠡᠷᠡᠬᠦ ᠶᠢ ᠤᠷᠢᠳᠠᠪᠠᠷ ᠪᠠᠲᠦᠯᠡᠪᠡ︔ ᠭᠠᠯ ᠤᠨᠲᠠᠷᠠᠭᠠᠬᠤ ᠰᠠᠯᠠᠭ᠎ᠠ ᠮᠦᠴᠢᠷ ᠠᠴᠠ ᠬᠤᠴᠤᠷᠭᠠᠨ ᠰᠢᠢᠳᠪᠦᠷᠢᠯᠡᠬᠦ ᠲᠦᠪ ᠤᠨ ᠡᠯ᠎ᠠ ᠵᠦᠢᠯ ᠤᠨ ᠪᠡᠯᠡᠳᠭᠡᠮᠵᠢ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠲᠦᠪ ᠤᠨ ᠠᠵᠢᠯᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠬᠢᠪᠡ᠃ ᠣᠯᠠᠨ ᠲᠠᠯ᠎ᠠ ᠶᠢᠨ ᠬᠠᠮᠵᠢᠯᠴᠠᠭ᠎ᠠ ᠪᠠᠷ ᠳᠠᠮᠵᠢᠨ ᠳᠡᠭᠡᠲᠦ ᠱᠠᠲᠤᠨ ᠤ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠲᠠᠰᠦᠷᠠᠯᠲᠠ ᠦᠭᠡᠢ ᠲᠣᠷᠰᠢᠯᠭ᠎ᠠ ᠬᠤᠷᠠᠮᠳᠠᠭᠤᠯᠵᠦ᠂ ᠡᠩᠨᠡᠭᠡᠨ ᠤ ᠰᠢᠨᠵᠢᠯᠡᠬᠦ ᠤᠬᠠᠭᠠᠨᠴᠢᠯᠡᠬᠤ ᠪᠠ   ᠳᠦᠷᠢᠮᠵᠢᠭᠦᠯᠦᠨ ᠠᠵᠢᠯᠯᠠᠭᠤᠯᠬᠤ ᠶᠢ ᠴᠢᠷᠮᠠᠶᠢᠨ ᠪᠡᠶᠠᠯᠡᠭᠦᠯᠵᠦ᠂ ᠬᠤᠴᠤᠷᠭᠠᠨ ᠰᠢᠢᠳᠪᠦᠷᠢᠯᠡᠬᠦ ᠲᠦᠪ ᠤᠨ ᠬᠡᠪ ᠤᠨ ᠠᠵᠢᠯᠯᠠᠭ᠎ᠠ ᠶᠢ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号