ᠤᠯᠠᠭᠠᠨᠬᠠᠳᠠ ᠬᠤᠳᠠ ᠶᠢᠨ ︽ᠰᠢᠨ᠎ᠡ ᠶᠢ ᠡᠭᠦᠳᠬᠦ ᠪᠠ ᠦᠢᠯᠡᠰ ᠴᠤᠭᠴᠠᠯᠠᠬᠤ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ
ᠨᠡᠶᠢᠲᠡᠯᠡᠭᠰᠡᠨ ᠴᠠᠭ᠄
2019/11/14
     ᠤᠳᠤᠬᠠᠨ ᠳᠤ᠂ ᠤᠯᠠᠭᠠᠨᠬᠠᠳᠠ ᠬᠤᠲᠠ ᠶᠢᠨ ᠠᠳᠠᠯ ᠦᠢᠯᠡᠰ ᠴᠤᠭᠴᠠᠯᠠᠬᠤ ᠪᠡᠯᠡ ᠤᠷᠤᠭᠤᠯᠤᠯᠲᠠ ᠶᠢᠨ ᠴᠢᠨᠠᠷ ᠲᠠᠢ ᠬᠦᠲᠦᠯᠦᠨ ᠵᠢᠯᠤᠭᠤᠳᠬᠤ ᠰᠠᠭᠤᠷᠢ ᠮᠦᠩᠭᠦ ᠪᠤᠯ ᠭᠤᠤᠯᠳᠠᠭᠤ ᠤᠯᠠᠭᠠᠨᠬᠠᠳᠠ ᠬᠤᠲᠠ ᠶᠢᠨ ᠭᠤᠤᠯᠳᠠᠯᠭ᠎ᠠ ᠲᠠᠢ ᠠᠵᠤ  ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦ ᠪᠤᠯᠤᠨ᠎ᠠ᠂ ᠲᠤᠰ ᠰᠠᠭᠤᠷᠢ ᠮᠦᠩᠭᠦ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠦᠭᠵᠢᠯᠲᠡ ᠶᠢᠨ ᠬᠦᠲᠦᠯᠦᠨ ᠵᠢᠯᠤᠭᠤᠳᠬᠤ ᠰᠠᠭᠤᠷᠢ ᠮᠦᠩᠭᠦ ᠶᠢᠨ ᠬᠦᠦ ᠰᠠᠭᠤᠷᠢ ᠮᠦᠩᠭᠦ ᠪᠤᠯᠤᠨ᠎ᠠ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠡᠯᠡ ᠮᠥᠩᠭᠦ ᠭᠠᠷᠭᠠᠨ ᠪᠠᠶᠢᠭᠤᠯᠤᠭᠰᠠᠨ ᠪᠦᠭᠡᠳ ᠵᠠᠬ᠎ᠠ ᠳᠡᠯᠭᠡᠭᠦᠷᠴᠢᠯᠡᠭᠦ ᠠᠷᠭ᠎ᠠ ᠮᠠᠶ᠋ᠢᠭ ᠢᠶᠠᠷ ᠠᠵᠢᠯᠯᠠᠭᠤᠯᠬᠤ ᠲᠦᠷᠦ ᠶᠢᠨ ᠪᠤᠳᠤᠯᠭ᠎ᠠ ᠶᠢᠨ ᠴᠢᠨᠠᠷ ᠲᠠᠢ ᠰᠠᠭᠤᠷᠢ ᠮᠦᠩᠭᠦ ᠮᠦᠨ᠂ ᠤᠯᠠᠭᠠᠨᠬᠠᠳᠠ ᠬᠤᠲᠠ ᠶᠢᠨ ᠠᠵᠤ ᠦᠢᠯᠡᠰ ᠤᠨ ᠬᠦᠭᠵᠢᠭᠦᠯᠦᠯᠲᠡ ᠶᠢᠨ ᠰᠠᠭᠤᠷᠢ ᠮᠦᠩᠭᠦ ᠶᠢᠨ ᠶᠡᠷᠦᠩᠭᠡᠢ ᠬᠡᠮᠵᠢᠶ᠎ᠡ ᠨᠢ 10 ᠳ᠋ᠦᠩᠰᠢᠭᠤᠷ ᠲᠦᠭᠦᠷᠢᠭ ᠪᠠᠶᠢᠵᠤ᠂ ᠪᠠᠶᠢᠯᠳᠤᠬᠤ ᠪᠤᠳᠤᠯᠭ᠎ᠠ ᠶᠢᠨ ᠴᠢᠨᠠᠷ ᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠵᠢᠴᠢ ᠠᠳᠠᠯ ᠦᠢᠯᠡᠰ ᠴᠤᠭᠴᠠᠯᠠᠬᠤ ᠰᠢᠨ᠎ᠡ ᠶᠢ ᠡᠭᠦᠳᠬᠦ ᠲᠦᠷᠦᠯ ᠵᠦᠢᠯ ᠳᠤ ᠭᠤᠤᠯᠳᠠᠯᠭ᠎ᠠ ᠲᠠᠢ ᠬᠡᠷᠡᠭᠯᠡᠳᠡᠭ᠃ ᠰᠠᠭᠤᠷᠢ ᠮᠦᠩᠭᠦ ᠶᠢᠨ ᠪᠦᠲᠦᠴᠡ ᠶᠢᠨ ᠶᠤᠰᠤᠭᠠᠷ᠂ ᠬᠤᠲᠠ ᠶᠢᠨ ᠤᠯᠤᠰ ᠤᠨ ᠬᠦᠷᠦᠩᠭᠡ ᠶᠢᠨ ᠪᠦᠯᠦᠭᠯᠡᠯ ᠨᠢ ᠬᠤᠲᠠ ᠶᠢᠨ ᠵᠠᠰᠠᠭ ᠤᠨ ᠤᠷᠳᠤᠨ ᠢ ᠲᠦᠯᠦᠭᠡᠯᠡᠨ 2.01 ᠳ᠋ᠦᠩᠰᠢᠭᠤᠷ ᠲᠦᠭᠦᠷᠢᠭ ᠭᠠᠷᠭᠠᠵᠤ᠂ ᠨᠡᠶᠢᠭᠡᠮ ᠤᠨ ᠬᠦᠷᠦᠩᠭᠡ ᠠᠴᠠ 5.8 ᠳ᠋ᠦᠩᠰᠢᠭᠤᠷ ᠲᠦᠭᠦᠷᠢᠭ ᠪᠡᠯᠡ ᠮᠦᠩᠭᠦ ᠴᠤᠭᠯᠠᠭᠤᠯᠵᠠᠢ᠂ ᠭᠡᠲᠡᠯ᠎ᠡ ᠤᠯᠠᠭᠠᠨᠬᠠᠳᠠ ᠬᠤᠲᠠ ᠶᠢᠨ ᠰᠠᠭᠤᠷᠢ ᠮᠦᠩᠭᠦ ᠶᠢᠨ ᠪᠡᠯᠡ ᠤᠷᠤᠭᠤᠯᠤᠯᠲᠠ ᠶᠢᠨ ᠨᠦᠬᠦᠴᠡᠯ ᠳᠤ ᠨᠡᠶᠢᠴᠡᠬᠦ᠂ ᠠᠰᠢᠭ ᠤᠯᠵᠠᠪᠤᠷᠢ ᠤᠯᠬᠤ ᠳᠠᠯᠳᠠ ᠬᠦᠴᠦᠨ ᠲᠠᠢ ᠠᠵᠦ ᠠᠬᠤᠶᠢᠯᠠᠯ ᠬᠠᠷᠢᠴᠠᠩᠭᠤᠢ ᠪᠠᠷ ᠬᠢᠵᠠᠭᠠᠷ ᠲᠠᠢ᠂ ᠰᠢᠯᠢᠳᠡᠭ ᠲᠦᠷᠦᠯ ᠵᠦᠢᠯ ᠤᠨ ᠨᠦᠬᠡᠴᠡ ᠭᠦᠢᠴᠡᠳ ᠦᠭᠡᠢ᠂ ᠰᠠᠭᠤᠷᠢ ᠮᠦᠩᠭᠦ ᠶᠢᠨ ᠵᠢᠱᠢᠭᠰᠡᠨ ᠠᠰᠢᠭ ᠤᠷᠤᠯᠭ᠎ᠠ ᠶᠢ ᠪᠠᠲᠤᠯᠠᠵᠤ ᠴᠢᠳᠠᠬᠤ ᠦᠭᠡᠢ ᠠᠴᠠ ᠪᠤᠯᠤᠭᠠᠳ ᠠᠵᠤ ᠦᠢᠯᠡᠰ ᠢ ᠬᠦᠲᠦᠯᠦᠨ ᠵᠢᠯᠤᠭᠤᠳᠬᠤ ᠰᠠᠭᠤᠷᠢ ᠮᠦᠩᠭᠦᠨ ᠤ ᠨᠡᠶᠢᠭᠡᠮ ᠠᠴᠠ ᠪᠡᠯᠡ ᠭᠠᠷᠭᠠᠬᠤ ᠬᠡᠰᠡᠭ ᠢ ᠨᠠᠶᠢᠳᠠᠪᠤᠷᠢᠵᠢᠭᠤᠯᠬᠤ ᠳᠤ ᠬᠦᠴᠢᠷᠲᠠᠢ ᠪᠤᠯᠭᠠᠵᠤ᠂ ᠰᠠᠭᠤᠷᠢ ᠮᠦᠩᠭᠦ ᠨᠢ ᠠᠳᠠᠯ ᠦᠢᠯᠡᠰ ᠴᠤᠭᠴᠠᠯᠠᠬᠤ ᠪᠡᠯᠡ ᠤᠷᠤᠭᠤᠯᠤᠯᠲᠠ ᠶᠢᠨ ᠲᠠᠯ᠎ᠠ ᠪᠠᠷ ᠬᠦᠲᠦᠯᠦᠨ ᠳᠠᠭᠠᠭᠤᠯᠬᠤ ᠦᠢᠯᠡᠳᠦᠯ ᠢᠶᠠᠨ ᠬᠠᠷᠠᠬᠠᠨ ᠪᠠᠳᠠᠷᠠᠭᠤᠯᠤᠭᠠᠳᠤᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号