12396 ᠰᠢᠨᠵᠢᠯᠡᠬᠦ ᠤᠬᠠᠭᠠᠨ ᠮᠡᠳᠡᠭᠡ ᠵᠠᠩᠬᠢ ᠶᠢᠨ ᠦᠢᠯᠡᠴᠢᠯᠡᠭᠡ ᠶᠢᠨ ᠲᠤᠤᠷ ᠰᠦᠯᠵᠢᠶ᠎ᠡ ᠤᠯᠠᠨ | ᠵᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ᠂ ᠪᠦᠬᠦ ᠬᠤᠲᠠ ᠶᠢᠨ70% ᠶᠢᠨ ᠰᠢᠶᠠᠩ ᠪᠠᠯᠭᠠᠰᠤ ᠰᠤᠮᠤ ᠶᠢ | ᠪᠦᠷᠬᠦᠵᠦ᠂ ᠤᠷᠠᠳ ᠤᠨ ᠡᠮᠦᠨᠡᠲᠦ ᠬᠤᠰᠢᠭᠤ᠂ ᠳᠤᠮᠳᠠᠳᠤ ᠬᠤᠰᠢᠭᠤ᠂ ᠬᠤᠶᠢᠳᠤ ᠬᠤᠰᠢᠭᠤ ᠵᠡᠷᠭᠡ ᠦᠯᠡᠳᠡᠭᠰᠡᠨ | 30% ᠶᠢᠨ ᠤᠷᠤᠨ ᠪᠦᠰᠡ ᠳᠤ ᠮᠤᠩᠭᠤᠯ ᠦᠨᠳᠤᠰᠦᠲᠡᠨ ᠤ ᠮᠠᠯᠴᠢᠳ ᠤᠯᠠᠨ ᠪᠠᠶᠢᠪᠠᠴᠤ ᠰᠢᠯᠵᠢᠮᠡᠯ | ᠰᠦᠯᠵᠢᠶ᠎ᠡ ᠶᠢᠨ ᠳᠤᠯᠭᠢᠶᠠᠨ ᠠᠨᠠᠢ᠂ ᠦᠭᠡ ᠶᠠᠷᠢᠶ᠎ᠠ ᠨᠡᠪᠲᠡᠷᠡᠯᠴᠡᠬᠦ ᠳᠤ ᠰᠠᠭᠠᠳ ᠲᠠᠢ ᠪᠠᠶᠢᠬᠤ ᠵᠡᠷᠭᠡ ᠠᠰᠠᠭᠤᠳᠠᠯ | ᠠᠴᠠ ᠪᠤᠯᠤᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ ᠶᠢᠨ ᠦᠢᠯᠡᠴᠢᠯᠡᠭᠡ ᠮᠦᠨ ᠯᠠ ᠬᠤᠭᠤᠰᠤᠨ | ᠪᠠᠶᠢᠭᠰᠠᠭᠠᠷ᠃ ᠦᠨᠳᠦᠷ ᠪᠦᠲᠦᠮᠵᠢᠲᠦ ᠪᠤᠳᠠᠲᠤ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ | ᠶᠢ ᠮᠠᠯᠴᠢᠳ ᠲᠤ ᠬᠦᠷᠭᠡᠵᠦ ᠦᠭᠬᠦ ᠶᠢᠨ ᠲᠤᠰᠠᠳᠠ ᠪᠠᠶᠠᠨᠠᠭᠤᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠮᠡᠳᠡᠭᠡ ᠵᠠᠩᠬᠢ ᠶᠢᠨ ᠰᠤᠳᠤᠯᠭᠠᠨ ᠤ ᠭᠠᠵᠠᠷ ᠨᠢ ᠤᠤᠯ ᠤᠨ ᠤᠴᠢ ᠨᠡᠷᠡᠮᠵᠢᠲᠦ ᠰᠢᠨᠵᠢᠯᠡᠬᠦ ᠤᠬᠠᠭᠠᠨ | ᠮᠡᠷᠭᠡᠵᠢᠯ ᠤᠨ 12396 ᠮᠡᠳᠡᠭᠡ ᠵᠠᠩᠬᠢ ᠶᠢᠨ ᠦᠢᠯᠡᠴᠢᠯᠡᠭᠡᠨ ᠤ ᠰᠢᠭᠤᠳ ᠤᠲᠠᠰᠤ ᠪᠠ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠮᠡᠳᠡᠭᠡ ᠵᠠᠩᠬᠢ ᠶᠢᠨ ᠰᠢᠯᠵᠢᠮᠡᠯ ᠦᠢᠯᠡᠴᠢᠯᠡᠭᠡᠨ ᠤ ᠲᠠᠪᠴᠠᠩ ᠤᠨ ᠰᠠᠭᠤᠷᠢᠨ ᠳᠡᠭᠡᠷ᠎ᠡ᠂ | ᠡᠮᠦᠨᠡᠲᠦ ᠬᠤᠰᠢᠭᠤ᠂ ᠳᠤᠮᠳᠠᠳᠤ ᠬᠤᠰᠢᠭᠤ᠂ ᠬᠤᠶᠢᠳᠤ ᠬᠤᠰᠢᠭᠤᠨ ᠤ ᠬᠦᠮᠦᠨ ᠠᠮᠠ ᠶᠢᠨ ᠲᠠᠷᠬᠠᠴᠠ ᠵᠢᠴᠢ | ᠴᠦᠭᠡᠨ ᠲᠤᠭᠠᠲᠤ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠤᠨᠴᠠᠯᠢᠭ ᠢ ᠦᠨᠳᠦᠰᠦᠯᠡᠨ᠂ ᠮᠤᠩᠭᠤᠯ ᠬᠡᠪᠯᠡᠯ | ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ ᠶᠢᠨ ᠰᠢᠯᠵᠢᠮᠡᠯ ᠦᠢᠯᠡᠴᠢᠯᠡᠭᠡᠨ ᠤ ᠲᠠᠪᠴᠠᠩ ᠢ ᠰᠤᠳᠤᠯᠤᠨ | ᠨᠡᠭᠡᠭᠡᠪᠡ᠂ ᠲᠤᠰ ᠲᠠᠪᠴᠠᠩ ᠨᠢ 4 ᠳ᠋ᠦ᠋ᠭᠡᠷ ᠰᠠᠷ᠎ᠠ ᠶᠢᠨ25 ᠤ ᠡᠳᠦᠷ ᠵᠢᠩᠬᠢᠨᠢ ᠪᠠᠷ ᠨᠡᠪᠲᠡᠷᠡᠭᠰᠡᠨ ᠪᠠᠶᠢᠨ᠎ᠠ᠃ | ᠮᠤᠩᠭᠤᠯ ᠬᠡᠯᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ ᠶᠢᠨ ᠰᠢᠯᠵᠢᠮᠡᠯ ᠦᠢᠯᠡᠴᠢᠯᠡᠭᠡᠨ ᠤ ᠲᠠᠪᠴᠠᠩ | ᠨᠢ ᠪᠠᠶᠠᠨᠠᠭᠤᠷ ᠬᠤᠲᠠ ᠶᠢᠨ ᠮᠤᠩᠭᠤᠯ ᠬᠡᠯᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢᠨ | ᠠᠩᠬᠠᠳᠠᠭᠴᠢ APP ᠪᠤᠯᠬᠤ ᠪᠠᠷ ᠪᠠᠷᠠᠬᠤ ᠦᠭᠡᠢ᠂ ᠨᠡᠩ ᠴᠦ ᠦᠪᠦᠷ ᠮᠤᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠮᠡᠳᠡᠭᠡ ᠵᠠᠩᠬᠢ ᠶᠢᠨ ᠦᠢᠯᠡᠴᠢᠯᠡᠭᠡᠨ ᠤ ᠲᠦᠷᠦᠯ ᠤᠨ ᠲᠤᠲᠤᠷᠠᠬᠢ ᠠᠩᠬᠠᠳᠠᠭᠴᠢ ᠮᠤᠩᠭᠤᠯ | ᠬᠡᠪᠯᠡᠯ ᠤᠨAPP ᠪᠤᠯᠤᠨ᠎ᠠ᠃ | ᠮᠤᠩᠭᠤᠯ ᠬᠡᠪᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠢ ᠰᠤᠳᠤᠯᠤᠨ | ᠨᠡᠭᠡᠭᠡᠬᠦ ᠶᠠᠪᠤᠴᠠ ᠳᠤ᠂ ᠪᠦᠷᠢᠨ ᠭᠦᠢᠴᠡᠳ ᠲᠤᠬᠠᠢ ᠶᠢᠨ ᠭᠠᠵᠠᠷ ᠲᠤ` ᠪᠠᠶᠢᠴᠠᠭᠠᠨ ᠰᠤᠳᠤᠯᠤᠯᠲᠠ ᠬᠢᠭᠰᠡᠨ ᠤ | ᠬᠠᠮᠲᠤ ᠮᠠᠯᠴᠢᠳ ᠤᠨ ᠪᠤᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠲᠠᠪᠴᠠᠩ ᠤᠨ ᠡᠬᠢᠨ ᠪᠠ | ᠳᠤᠮᠳᠠ ᠬᠤᠭᠤᠴᠠᠭᠠᠨ ᠳᠤ ᠨᠠᠮ ᠤᠨ ᠪᠠᠶᠢᠭᠤᠯᠤᠯᠲᠠ ᠶᠢᠨ ᠪᠤᠯᠤᠩ᠂ ᠲᠤᠰᠬᠠᠢ ᠮᠡᠷᠭᠡᠵᠢᠯᠲᠡᠨ ᠮᠠᠲᠠᠭ ᠲᠠᠢ | ᠠᠰᠠᠭᠤᠳᠠᠯ ᠢ ᠲᠠᠶᠢᠯᠪᠤᠷᠢᠯᠠᠬᠤ᠂ ᠮᠠᠯ ᠠᠵᠤ ᠠᠬᠤᠢ ᠶᠢᠨ ᠲᠤᠰᠬᠠᠢ ᠮᠡᠷᠭᠡᠵᠢᠯᠲᠡᠨ᠂ ᠬᠡᠷᠡᠭᠯᠡᠭᠡᠨ ᠤ ᠮᠡᠷᠭᠡᠵᠢᠯ᠂ | ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠬᠢ᠂ ᠮᠤᠩᠭᠤᠯ ᠠᠷᠠᠳ ᠤᠨ ᠵᠠᠩ ᠵᠠᠩᠰᠢᠯ ᠵᠡᠷᠭᠡ ᠵᠢᠷᠭᠤᠭᠠᠨ ᠪᠤᠯᠤᠩ ᠢ | ᠪᠠᠶᠢᠭᠤᠯᠵᠠᠢ᠃ ᠬᠡᠷᠡᠭᠯᠡᠭᠴᠢ ᠲᠠᠪᠴᠠᠩ ᠢᠶᠠᠷ ᠳᠠᠮᠵᠢᠨ ᠮᠤᠩᠭᠤᠯ ᠬᠡᠯᠡᠨ ᠤ ᠮᠡᠷᠭᠡᠵᠢᠯ ᠤᠨ ᠪᠤᠯᠪᠠᠰᠤᠷᠠᠭᠤᠯᠤᠯ ᠬᠢᠬᠦ᠂ | ᠮᠤᠩᠭᠤᠯ ᠬᠡᠯᠡᠨ ᠤ ᠨᠠᠮ ᠤᠨ ᠪᠠᠶᠢᠭᠤᠯᠤᠯᠲᠠ ᠶᠢᠨ ᠰᠤᠷᠤᠯᠴᠠᠯᠭ᠎ᠠ ᠬᠢᠬᠦ᠂ ᠮᠤᠩᠭᠤᠯ ᠬᠡᠯᠡᠨ ᠤ ᠬᠠᠩᠭᠠᠯᠭ᠎ᠠ | ᠬᠡᠷᠡᠭᠴᠡᠭᠡ ᠶᠢᠨ ᠮᠡᠳᠡᠭᠡ ᠵᠠᠩᠬᠢ ᠶᠢ ᠨᠡᠶᠢᠲᠡᠯᠡᠬᠦ᠂ ᠬᠤᠨᠢ ᠮᠠᠯ ᠤᠨ ᠡᠪᠡᠳᠴᠢᠨ ᠤ ᠬᠢᠵᠢᠭ ᠤᠨ ᠪᠠᠶᠢᠳᠠᠯ ᠳᠤ ᠲᠤᠰᠬᠠᠢ | ᠮᠡᠷᠭᠡᠵᠢᠯᠲᠡᠨ ᠴᠠᠭ ᠲᠤᠬᠠᠢ ᠳᠤ ᠨᠢ ᠲᠠᠶᠢᠯᠪᠤᠷᠢ ᠬᠢᠵᠦ ᠪᠠᠶᠢᠪᠠ᠃ ᠲᠠᠪᠴᠠᠩ ᠵᠢᠩᠬᠢᠨᠢ ᠪᠠᠷ ᠨᠡᠪᠲᠡᠷᠡᠭᠰᠡᠨ ᠤ | ᠲᠠᠷᠠᠭ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ ᠶᠢᠨ ᠰᠤᠳᠤᠯᠭᠠᠨ ᠤ ᠭᠠᠵᠠᠷ ᠨᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠴᠢ ᠪᠠᠨ ᠤᠯᠠᠰᠢᠷᠠᠭᠤᠯᠬᠤ ᠶᠢᠨ ᠲᠤᠰᠠᠳᠠ᠂ ᠮᠤᠩᠭᠤᠯ | ᠬᠡᠪᠯᠡᠯ ᠤᠨ ᠰᠢᠨᠵᠢᠯᠡᠬᠦ ᠤᠬᠠᠭᠠᠨ ᠮᠡᠳᠡᠭᠡ ᠵᠠᠩᠬᠢ ᠶᠢᠨ ᠰᠢᠯᠵᠢᠮᠡᠯ ᠦᠢᠯᠡᠴᠢᠯᠡᠭᠡᠨ ᠤ ᠲᠠᠪᠴᠠᠩ ᠤᠨ ᠮᠤᠩᠭᠤᠯ | ᠬᠡᠯᠡᠨ ᠤ ᠪᠤᠳᠤᠭᠲᠤ ᠬᠠᠭᠤᠳᠠᠰᠤ ᠬᠢᠵᠦ ᠲᠠᠷᠬᠠᠭᠠᠪᠠ᠃ ᠬᠢᠲᠠᠳ ᠮᠤᠩᠭᠤᠯ ᠬᠡᠯᠡᠨ ᠳᠤ ᠨᠡᠪᠲᠡᠷᠡᠭᠰᠡᠨ ᠲᠤᠰᠬᠠᠢ | ᠠᠵᠢᠯᠲᠠᠨ ᠢ ᠠᠷᠤ ᠲᠠᠯ᠎ᠠ ᠶᠢᠨ ᠲᠠᠪᠴᠠᠩ ᠢ ᠬᠠᠮᠠᠭᠠᠯᠠᠬᠤ᠂ ᠡᠯ᠎ᠡ ᠪᠤᠯᠤᠩ ᠤᠨ ᠮᠡᠳᠡᠭᠡ ᠵᠠᠩᠬᠢ ᠶᠢ ᠨᠡᠶᠢᠲᠡᠯᠡᠬᠦ | ᠠᠵᠢᠯ ᠢ ᠬᠠᠷᠢᠭᠤᠴᠠᠭᠤᠯᠪᠠ᠃ ᠡᠭᠦᠨ ᠤ ᠬᠠᠮᠲᠤ 45 ᠨᠡᠷ᠎ᠡ ᠮᠠᠯᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠮᠡᠳᠡᠭᠡ ᠵᠠᠩᠬᠢᠴᠢᠨ ᠢ ᠬᠦᠮᠦᠵᠢᠭᠦᠯᠪᠡ᠂ ᠲᠡᠳᠡᠨ ᠤ ᠭᠤᠤᠯ ᠡᠭᠦᠷᠭᠡ ᠬᠠᠷᠢᠭᠤᠴᠠᠯᠭ᠎ᠠ ᠨᠢ ᠬᠡᠷᠡᠭᠯᠡᠭᠴᠢ ᠶᠢ | ᠤᠯᠠᠰᠢᠷᠠᠭᠤᠯᠬᠤ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠠᠰᠠᠭᠤᠳᠠᠯ᠂ ᠬᠠᠩᠭᠠᠯᠭ᠎ᠠ ᠬᠡᠷᠡᠭᠴᠡᠭᠡ᠂ ᠵᠠᠬ᠎ᠠ | ᠳᠡᠯᠭᠡᠭᠦᠷ ᠤᠨ ᠬᠦᠳᠡᠯᠦᠩᠭᠦᠢ ᠪᠠᠶᠢᠳᠠᠯ ᠵᠡᠷᠭᠡ ᠮᠡᠳᠡᠭᠡ ᠵᠠᠩᠬᠢ ᠶᠢ ᠤᠯᠠᠮᠵᠢᠯᠠᠬᠤ ᠶᠠᠪᠤᠳᠠᠯ ᠪᠤᠯᠤᠨ᠎ᠠ᠃ ᠲᠠᠪᠴᠠᠩ ᠤᠨ | ᠬᠡᠪ ᠢᠶᠠᠷ ᠠᠵᠢᠯᠯᠠᠭᠤᠯᠬᠤ ᠶᠢ ᠪᠠᠲᠤᠯᠠᠬᠤ ᠶᠢᠨ ᠲᠤᠰᠠᠳᠠ᠂ ᠮᠠᠯᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠮᠡᠳᠡᠭᠡ ᠵᠠᠩᠬᠢᠴᠢᠨ ᠳᠤ ᠡᠯ᠎ᠡ ᠲᠦᠷᠦᠯ ᠤᠨ ᠮᠡᠳᠡᠭᠡ ᠵᠠᠩᠬᠢ ᠶᠢ ᠵᠢᠯ ᠳᠤ ᠠᠯᠢ ᠴᠦᠭᠡᠨ ᠳᠡᠭᠡᠨ 20 ᠵᠤᠷᠪᠤᠰ ᠠᠴᠠ | ᠳᠡᠭᠡᠭᠰᠢ ᠮᠡᠳᠡᠭᠦᠯᠬᠦ ᠪᠠ ᠭᠠᠷ ᠤᠲᠠᠰᠤᠨ ᠤAPP ᠬᠡᠷᠡᠭᠯᠡᠭᠴᠢ ᠶᠢ ᠬᠠᠮᠤᠭ ᠪᠠᠭ᠎ᠠ ᠳᠤ ᠪᠠᠨ 30 ᠡᠯᠰᠡᠬᠦ ᠪᠠᠷ | ᠱᠠᠭᠠᠷᠳᠠᠵᠠᠢ᠃ ᠮᠤᠩᠭᠤᠯ ᠬᠡᠯᠡᠨ ᠤ ᠲᠠᠪᠴᠠᠩ ᠨᠡᠭᠡᠭᠡᠭᠲᠡᠭᠰᠡᠨ ᠠᠴᠠ ᠨᠠᠭᠠᠰᠢ᠂ 500 ᠢᠯᠡᠭᠦᠦ ᠬᠡᠷᠡᠭᠯᠡᠭᠴᠢ ᠶᠢ | ᠡᠯᠰᠡᠵᠦ᠂73 ᠠᠰᠠᠭᠤᠳᠠᠯ ᠢ ᠰᠢᠢᠳᠪᠦᠷᠢᠯᠡᠨ᠂ ᠡᠯ᠎ᠡ ᠪᠤᠯᠤᠩ ᠤᠨ ᠮᠡᠳᠡᠭᠡ ᠵᠠᠩᠬᠢ ᠶᠢ 243 ᠵᠤᠷᠪᠤᠰ ᠬᠦᠷᠭᠡᠵᠦ᠂ | ᠪᠠᠶᠠᠨᠠᠭᠤᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ ᠶᠢᠨ ᠦᠢᠯᠡᠴᠢᠯᠡᠭᠡᠨ ᠤ ᠲᠤᠤᠷ | ᠰᠦᠯᠵᠢᠶᠡᠨ ᠤ ᠪᠦᠷᠬᠦᠯᠲᠡ ᠶᠢᠨ ᠨᠤᠷᠮ᠎ᠠ ᠨᠢ90% ᠳᠤ ᠬᠦᠷᠴᠠᠢ᠃ ᠲᠤᠰ ᠦᠢᠯᠡᠴᠢᠯᠡᠭᠡ ᠨᠢ ᠪᠠᠰᠠ ᠦᠪᠡᠷᠲᠡᠭᠡᠨ | ᠵᠠᠰᠠᠬᠤ ᠤᠷᠤᠨ ᠤ 12396 ᠪᠠᠷᠠᠭᠤᠨ ᠬᠡᠰᠡᠭ ᠤᠨ ᠵᠢᠯᠤᠭᠤᠳᠬᠤ ᠦᠢᠯᠡᠴᠢᠯᠡᠭᠡᠨ ᠤ ᠲᠦᠪ ᠲᠤ ᠲᠦᠰᠢᠭᠯᠡᠨ᠂ | ᠦᠪᠦᠷ ᠮᠤᠩᠭᠤᠯ ᠤᠨ ᠪᠠᠷᠠᠭᠤᠨ ᠬᠡᠰᠡᠭ ᠤᠨ ᠭᠠᠵᠠᠷ ᠤᠷᠤᠨ ᠠᠴᠠ ᠳᠤᠮᠳᠠᠳᠤ ᠮᠤᠩᠭᠤᠯ ᠤᠨ ᠬᠢᠯᠢ ᠬᠦᠷᠲᠡᠯ᠎ᠡ | ᠦᠷᠭᠦᠯᠵᠢᠯᠡᠭᠦᠯᠵᠠᠢ᠃ | ᠮᠤᠩᠭᠤᠯ ᠬᠡᠪᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ ᠶᠢᠨ ᠰᠢᠯᠵᠢᠮᠡᠯ ᠦᠢᠯᠡᠴᠢᠯᠡᠭᠡᠨ ᠤ | ᠲᠠᠪᠴᠠᠩ ᠨᠢ ᠦᠨᠳᠦᠰᠦᠲᠡᠨ ᠤ ᠤᠨᠴᠠᠯᠢᠭ ᠲᠠᠢ ᠪᠦᠷᠢᠨ ᠭᠦᠢᠴᠡᠳ ᠤᠶᠠᠯᠳᠠᠭᠤᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠮᠡᠳᠡᠭᠡ ᠵᠠᠩᠬᠢ ᠶᠢᠨ ᠦᠢᠯᠡᠴᠢᠯᠡᠭᠡ ᠶᠢ ᠨᠡᠩ ᠠᠯᠤᠰ ᠬᠤᠯᠠ ᠶᠢᠨ ᠦᠨᠳᠦᠰᠦᠨ ᠱᠠᠲᠤᠨ ᠤ ᠮᠠᠯᠵᠢᠬᠤ | ᠤᠷᠤᠨ ᠲᠠᠶᠢᠰᠢ ᠭᠦᠨᠵᠡᠭᠡᠶᠢᠷᠡᠬᠦ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ | ᠵᠠᠩᠬᠢ ᠶᠢᠨ ᠦᠢᠯᠡᠴᠢᠯᠡᠭᠡ ᠳᠤ ︽ᠮᠤᠩᠭᠤᠯ ᠬᠢᠲᠠᠳ ᠬᠡᠯᠡ ᠶᠢ ᠵᠡᠷᠭᠡᠪᠡᠷ ᠬᠡᠷᠡᠭᠯᠡᠬᠦ︾ ᠶᠢ ᠪᠡᠶᠡᠯᠡᠭᠦᠯᠵᠦ᠂ ᠮᠠᠯᠴᠢᠨ | ᠲᠦᠮᠡᠨ ᠤ ᠲᠡᠵᠢᠭᠡᠨ ᠦᠷᠡᠵᠢᠭᠦᠯᠬᠦ ᠮᠡᠷᠭᠡᠵᠢᠯ ᠵᠢᠴᠢ ᠪᠠᠶᠢᠭᠠᠯᠢ ᠶᠢᠨ ᠭᠠᠮᠰᠢᠭ ᠲᠠᠢ ᠲᠡᠮᠡᠴᠡᠬᠦ ᠪᠠᠴᠢᠮ ᠪᠠᠶᠢᠳᠠᠯ ᠢ | ᠠᠷᠭᠠᠴᠠᠭᠠᠬᠤ ᠵᠢᠴᠢ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠠᠢ ᠪᠠᠷ ᠲᠡᠭᠡᠭᠰᠢᠯᠡᠭᠦᠯᠦᠨ᠂ ᠮᠠᠯᠴᠢᠳ ᠤᠨ | ᠤᠷᠤᠯᠭ᠎ᠠ ᠶᠢ ᠨᠡᠮᠡᠭᠳᠡᠭᠦᠯᠦᠨ᠂ ᠦᠨᠳᠦᠰᠦᠲᠡᠨ ᠤ ᠪᠦᠯᠬᠦᠮᠳᠡᠯ ᠢ ᠨᠢᠭᠳᠠᠷᠠᠭᠤᠯᠵᠤ ︽ᠪᠠᠶᠢᠭᠠᠯᠯᠢᠭ ᠪᠤᠷᠤ ᠲᠤᠬᠤᠢ︾ | ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭᠲᠦ ᠶᠢ ᠪᠦᠳᠦᠭᠡᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠳᠤ ᠬᠦᠴᠦ ᠪᠠᠨ ᠨᠡᠮᠡᠷᠢᠯᠡᠬᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠤᠷᠤᠨ ᠢ | ᠴᠤᠭᠴᠠᠯᠠᠬᠤ᠂ ᠳᠤᠮᠳᠠᠳᠤ ᠮᠤᠩᠭᠤᠯ ᠤᠨ ᠬᠠᠮᠲᠤᠷᠠᠯᠴᠠᠭᠠᠨ ᠤ ᠨᠢᠭᠡ ᠪᠦᠰᠡ ᠨᠢᠭᠡ ᠵᠠᠮ ᠢ ᠪᠠᠶᠢᠭᠤᠯᠬᠤ ᠳᠤ | ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ | |