ᠬᠥᠯᠥᠨ ᠪᠤᠶᠢᠷ ᠬᠤᠲᠠ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠢᠴᠡᠳ ᠲᠠᠨᠢᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ | ᠬᠥᠭᠵᠢᠯᠲᠡ ᠶᠢᠨ ᠴᠢᠬᠤᠯᠠ ᠲᠣᠬᠢᠶᠠᠯ ᠢ ᠵᠠᠪᠳᠤᠨ ᠠᠳᠬᠤᠵᠤ᠂ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ | ᠬᠦᠷᠢᠶᠡᠯᠡᠩ ᠤᠨ ᠬᠥᠭᠵᠢᠯᠲᠡ ᠶᠢ ᠲᠦᠷᠭᠡᠳᠬᠡᠵᠦ ᠪᠤᠢ᠃ ᠬᠡᠪᠴᠢᠶᠡᠵᠢᠭᠰᠡᠨ᠂ ᠵᠢᠷᠤᠮᠵᠢᠭᠰᠠᠨ ᠬᠥᠭᠵᠢᠯᠲᠡ ᠶᠢᠨ | ᠵᠠᠮ ᠢᠶᠠᠷ ᠵᠠᠮᠨᠠᠵᠤ᠂ ᠵᠠᠬ᠎ᠠ ᠳᠡᠯᠭᠡᠭᠦᠷ ᠤᠨ ᠣᠷᠣᠨ ᠵᠠᠢ ᠶᠢ ᠥᠷᠭᠡᠳᠬᠡᠨ᠂ ᠬᠥᠯᠥᠨ ᠪᠤᠶᠢᠷ ᠤᠨ ᠨᠡᠷᠡᠲᠦ ᠲᠥᠷᠥᠯ | ᠲᠡᠮᠳᠡᠭᠲᠦ ᠶᠢ ᠴᠢᠷᠮᠠᠶᠢᠨ ᠡᠭᠦᠳᠴᠦ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠡᠷᠡᠭᠦᠯ ᠢᠶᠠᠷ ᠬᠥᠭᠵᠢᠬᠦ᠂ | ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠪᠠ᠃ ᠲᠤᠰ ᠬᠤᠲᠠ ᠶᠢᠨ ᠰᠠᠶᠢᠨ ᠰᠠᠶᠢᠬᠠᠨ ᠠᠮᠢ ᠠᠬᠤᠢ ᠶᠢᠨ | ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠯᠧᠺᠲᠷᠣᠨ ᠬᠤᠳᠠᠯᠳᠤᠭᠠᠨ ᠤ | ᠠᠵᠤ ᠦᠢᠯᠡᠰ ᠢ ᠣᠨᠴᠠᠯᠢᠭᠲᠤ ᠲᠠᠷᠢᠶᠠᠯᠠᠩ ᠤᠨ ᠦᠢᠯᠡᠰ᠂ ᠨᠡᠷᠡᠲᠦ ᠲᠡᠮᠳᠡᠭᠲᠦ ᠬᠤᠨᠢᠨ ᠮᠢᠬ᠎ᠠ᠂ ᠬᠠᠮ ᠵᠢᠭᠤᠯᠴᠢᠯᠠᠯ | ᠵᠡᠷᠭᠡ ᠢ ᠬᠠᠷᠢᠯᠴᠠᠨ ᠤᠶᠠᠯᠳᠤᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠬᠥᠯᠥᠨ ᠪᠤᠶᠢᠷ ᠤᠨ ᠡᠬᠢ ᠪᠠᠶᠠᠯᠢᠭ ᠤᠨ | ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠪᠠ᠃ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠶᠢᠯᠠᠷ ᠲᠣᠭᠤᠷᠢᠭ ᠶᠠᠭ ᠪᠣᠳᠠᠲᠠᠶ ᠬᠡᠷᠡᠭᠵᠢᠭᠦᠯᠬᠦ ᠲᠥᠰᠦᠯ ᠢᠶᠠᠨ | ᠲᠡᠭᠦᠯᠳᠡᠷᠵᠢᠭᠦᠯᠵᠦ᠂ ᠬᠠᠷᠠᠯᠲᠠ ᠡᠭᠦᠷᠭᠡ ᠪᠠᠨ ᠲᠤᠲᠤᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ︽ᠢᠨᠲ᠋ᠧᠷ ᠰᠦᠯᠵᠢᠶ᠎ᠡ +︾ ᠲᠦᠷᠭᠡᠨ ᠲᠡᠷᠭᠡ | ᠬᠦᠯᠦᠰᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠣᠯᠠᠭᠤᠯᠭ᠎ᠠ ᠶᠢ ᠰᠠᠶᠢᠲᠤᠷ ᠬᠢᠵᠦ᠂ | ᠰᠠᠶᠢᠨ ᠦᠢᠯᠡᠳᠬᠦᠨ ᠢᠶᠠᠨ ᠦᠨᠳᠦᠷ ᠦᠨ᠎ᠡ ᠪᠠᠷ ᠪᠣᠷᠣᠯᠠᠭᠤᠯᠤᠨ ᠂ ᠮᠠᠨ ᠤ ᠬᠤᠲᠠ ᠶᠢᠨ ᠠᠵᠤ ᠠᠬᠤᠢ ᠶᠢᠨ | ᠲᠦᠷᠭᠡᠨ ᠬᠥᠭᠵᠢᠯᠲᠡ ᠶᠢ ᠠᠬᠢᠭᠤᠯᠵᠤ ᠪᠠᠶᠢᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ | ᠲᠦᠷᠭᠡᠳᠬᠡᠵᠦ᠂ ︽︿ᠢᠨᠲ᠋ᠧᠷ ᠰᠦᠯᠵᠢᠶ᠎ᠡ +﹀ ᠠᠵᠢᠯ ᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ | ᠢ ᠨᠠᠶᠢᠳᠠᠪᠤᠷᠢᠵᠢᠭᠤᠯᠤᠨ᠂ ︽ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠦᠷᠭᠡᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠪᠦᠲᠦᠮᠵᠢᠲᠡᠶ ᠬᠡᠷᠡᠭᠵᠢᠭᠦᠯᠬᠦ ᠶᠢ | ᠠᠬᠢᠭᠤᠯᠬᠤ ᠶᠢᠨ ᠲᠤᠰᠠᠳᠠ᠂ ᠬᠥᠯᠥᠨ ᠪᠤᠶᠢᠷ ᠬᠤᠲᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠠᠳᠠᠯ ᠦᠢᠯᠡᠰ ᠴᠣᠭᠴᠠᠯᠠᠭᠴᠢ ᠶᠢᠨ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ ᠢ ᠥᠷᠭᠡᠳᠬᠡᠬᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠬᠡᠷᠡᠭᠯᠡᠭᠡ ᠶᠢ ᠳᠠᠶᠢᠴᠢᠯᠠᠬᠤ ᠪᠠ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠣᠯᠬᠤ ᠵᠡᠷᠭᠡ ᠲᠠᠯ᠎ᠠ ᠪᠠᠷ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠵᠤ ᠦᠢᠯᠡᠰ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢᠨ ᠬᠠᠮᠲᠤ ᠪᠥᠬᠦ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠨᠡᠷᠡᠲᠦ ᠠᠵᠤ ᠠᠬᠤᠶᠢᠯᠠᠯ ᠪᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠤᠭᠯᠠᠷᠠᠯ ᠤᠨ | ᠦᠢᠯᠡᠳᠦᠯ᠂ ᠬᠡᠪᠴᠢᠶᠡᠲᠦ ᠦᠢᠯᠡᠳᠦᠯ᠂ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠢᠶᠠᠷ ᠳᠠᠮᠵᠢᠭᠤᠯᠤᠨ ︽ᠢᠨᠲ᠋ᠧᠷ ᠰᠦᠯᠵᠢᠶ᠎ᠡ +︾ ᠨᠢᠭᠡ ᠬᠤᠶᠠᠷ ᠭᠤᠷᠪᠠᠳᠤᠭᠠᠷ ᠠᠵᠤ | ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠣᠯᠣᠨ᠎ᠠ᠃ | |