11 ᠳ᠋ᠦ᠋ᠭᠡᠷ ᠰᠠᠷ᠎ᠠ ᠶᠢᠨ 12 ᠤ ᠡᠳᠦᠷ ᠤᠨ ᠤᠷᠤᠢ᠂ ᠰᠢᠯᠢ ᠶᠢᠨ ᠭᠤᠤᠯ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠦᠪᠯᠡᠯ ᠤᠨ ᠰᠦᠯᠵᠢᠶᠡᠨ ᠳᠤ ᠨᠡᠶᠢᠲᠡᠯᠡᠭᠰᠡᠨ ᠮᠡᠳᠡᠭᠡ ᠪᠠᠷ ᠪᠤᠯ᠄ ᠰᠢᠯᠢ ᠶᠢᠨ ᠭᠤᠤᠯ | ᠠᠶᠢᠮᠠᠭ ᠤᠨ ᠰᠦᠨᠢᠳ ᠵᠡᠭᠦᠨ ᠬᠤᠰᠢᠭᠤᠨ ᠤ 2 ᠬᠦᠮᠦᠨ ᠲᠤᠰᠬᠠᠢ ᠮᠡᠷᠭᠡᠵᠢᠯᠲᠡᠨ ᠤ ᠬᠠᠮᠲᠤᠷᠠᠨ ᠤᠨᠤᠰᠢᠯᠠᠯᠲᠠ ᠪᠠᠷ | ᠳᠠᠮᠵᠢᠭᠠᠳ᠂ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠡᠪᠡᠳᠴᠢᠨ ᠤ ᠵᠢᠱᠢᠶ᠎ᠡ ᠪᠠᠷ ᠤᠨᠤᠰᠢᠯᠠᠭᠤᠯᠤᠭᠳᠠᠵᠠᠢ᠃ | ᠤᠳᠤᠬᠠᠨ ᠳᠤ᠂ ᠡᠪᠡᠳᠴᠢᠲᠡᠨ ᠨᠢ ᠪᠡᠭᠡᠵᠢᠩ ᠬᠤᠲᠠ ᠶᠢᠨ ᠴᠤᠥᠶᠠᠩ ᠲᠤᠭᠤᠷᠢᠭ ᠤᠨ ᠬᠠᠮᠢᠶ᠎ᠠ ᠪᠦᠭᠦᠢ | ᠡᠮᠴᠢᠯᠡᠭᠡᠨ ᠤ ᠪᠠᠶᠢᠭᠤᠯᠤᠮᠵᠢ ᠳᠤ ᠲᠤᠬᠢᠲᠠᠢ ᠡᠮᠨᠡᠭᠦᠯᠵᠦ᠂ ᠬᠤᠯᠪᠤᠭᠳᠠᠯ ᠪᠦᠬᠦᠢ ᠰᠡᠷᠭᠡᠶᠢᠯᠡᠯᠲᠡ ᠶᠢᠨ ᠠᠷᠭ᠎ᠠ | ᠬᠡᠮᠵᠢᠶ᠎ᠡ ᠶᠢ ᠨᠢᠭᠡᠨᠲᠡ ᠨᠠᠶᠢᠳᠠᠪᠤᠷᠢᠵᠢᠭᠤᠯᠪᠠ᠃ | 11 ᠳ᠋ᠦ᠋ᠭᠡᠷ ᠰᠠᠷ᠎ᠠ ᠶᠢᠨ 14 ᠤ ᠡᠳᠦᠷ᠂ ᠰᠢᠯᠢ ᠶᠢᠨ ᠭᠤᠤᠯ ᠠᠶᠢᠮᠠᠭ ᠪᠠᠴᠢᠮ ᠪᠠᠶᠢᠳᠠᠯ ᠢ ᠠᠷᠭᠠᠴᠠᠭᠠᠬᠤ | ᠲᠦᠰᠦᠯ ᠢ ᠡᠬᠢᠯᠡᠨ ᠬᠡᠷᠡᠭᠵᠢᠭᠦᠯᠵᠦ᠂ ᠵᠢᠯᠤᠭᠤᠳᠬᠤ ᠭᠠᠵᠠᠷ ᠪᠠᠶᠢᠭᠤᠯᠤᠨ᠂ ᠳᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠬᠢᠬᠦ᠂ ᠡᠪᠡᠳᠴᠢᠲᠡᠨ ᠲᠠᠢ ᠨᠢᠭᠲᠠ ᠤᠶᠢᠷᠠᠲᠤᠭᠰᠠᠳ ᠲᠤ ᠠᠨᠠᠭᠠᠬᠤ ᠤᠬᠠᠭᠠᠨ ᠤ ᠠᠵᠢᠭᠯᠠᠯᠲᠠ | ᠬᠢᠬᠦ ᠵᠡᠷᠭᠡ ᠶᠡᠷᠦᠩᠬᠡᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠪᠠ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠤ ᠶᠢᠨ ᠵᠦᠪᠯᠡᠯ ᠲᠤᠰ ᠲᠤᠰ ᠤᠯᠤᠰ᠂ ᠦᠪᠡᠷᠲᠡᠭᠡᠨ ᠵᠠᠰᠠᠬᠤ ᠤᠷᠤᠨ ᠤ ᠳᠡᠰ ᠤᠨ ᠲᠤᠰᠬᠠᠢ ᠮᠡᠷᠭᠡᠵᠢᠯᠲᠡᠨ ᠢ | ᠰᠢᠯᠢ ᠶᠢᠨ ᠭᠤᠤᠯ ᠠᠶᠢᠮᠠᠭ ᠲᠤ ᠤᠴᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠬᠦ ᠠᠵᠢᠯ ᠢ ᠵᠢᠭᠠᠨ | ᠵᠢᠯᠤᠭᠤᠳᠪᠠ᠃ | ᠠᠶᠢᠮᠠᠭ ᠤᠨ ᠤᠷᠤᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠦᠪ ᠤᠨ ᠳᠡᠳ᠋ ᠡᠷᠬᠢᠯᠡᠭᠴᠢ ᠰᠢᠦᠢ | ᠷᠦᠨ ᠧ ᠰᠤᠷᠪᠤᠯᠵᠢᠯᠠᠭ᠎ᠠ ᠬᠦᠯᠢᠶᠡᠬᠦ ᠳᠤ ᠪᠠᠨ ᠢᠯᠡᠳᠭᠡᠭᠰᠡᠨ ᠨᠢ᠂ ᠬᠤᠯᠤᠭᠠᠨ᠎ᠠ ᠶᠢᠨ ᠬᠢᠵᠢᠭ ᠤᠤᠯ ᠨᠢ ᠮᠡᠷᠡᠭᠴᠢ | ᠠᠮᠢᠲᠠᠨ ᠠᠴᠠ ᠡᠭᠦᠰᠦᠯᠲᠡᠢ ᠪᠠᠶᠢᠵᠤ᠂ ᠬᠦᠮᠦᠨ ᠲᠦᠷᠦᠯᠬᠢᠲᠡᠨ ᠳᠤ ᠬᠠᠯᠳᠠᠪᠤᠷᠢᠯᠠᠳᠠᠭ᠃ ᠰᠢᠯᠢ ᠶᠢᠨ ᠭᠤᠤᠯ | ᠠᠶᠢᠮᠠᠭ ᠤᠨ ᠬᠡᠰᠡᠭ ᠭᠠᠵᠠᠷ ᠤᠷᠤᠨ ᠪᠤᠯ ᠬᠤᠯᠤᠭᠠᠨ᠎ᠠ ᠶᠢᠨ ᠬᠢᠵᠢᠭ ᠤᠨ ᠰᠤᠷᠪᠤᠯᠵᠢᠲᠤ ᠭᠠᠵᠠᠷ ᠤᠷᠤᠨ ᠪᠤᠯᠤᠨ᠎ᠠ᠂ | ᠬᠢᠵᠢᠭ ᠲᠤ ᠬᠠᠯᠳᠠᠪᠤᠷᠢᠯᠠᠭᠰᠠᠨ ᠨᠤᠬᠠᠢ ᠶᠢᠨ ᠪᠦᠭᠡᠰᠦᠨ ᠳᠤ ᠬᠠᠵᠠᠭᠳᠠᠬᠤ᠂ ᠬᠢᠵᠢᠭ ᠲᠠᠢ ᠠᠮᠢᠲᠠᠨ ᠪᠤᠶᠤ | ᠬᠤᠯᠤᠭᠠᠨ᠎ᠠ ᠶᠢᠨ ᠬᠢᠵᠢᠭ ᠬᠠᠯᠳᠠᠭᠰᠠᠨ ᠡᠪᠡᠳᠴᠢᠲᠡᠨ ᠲᠠᠢ ᠰᠢᠭᠤᠳ ᠤᠶᠢᠷᠠᠲᠤᠪᠠᠯ ᠴᠦᠮ ᠬᠠᠯᠳᠠᠪᠤᠷᠢᠯᠠᠳᠠᠭ᠃ | ᠤᠳᠤᠬᠠᠨ ᠳᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢᠭᠡᠨᠲᠡ ᠤᠯᠵᠤ ᠮᠡᠳᠡᠭᠰᠡᠨ ᠨᠢᠭᠲᠠ | ᠤᠶᠢᠷᠠᠲᠤᠭᠰᠠᠳ ᠲᠤ ᠴᠦᠮ ᠠᠨᠠᠭᠠᠬᠤ ᠤᠬᠠᠭᠠᠨ ᠤ ᠠᠵᠢᠭᠯᠠᠯᠲᠠ ᠬᠢᠪᠠ᠂ ᠤᠯᠠᠨ ᠢᠶᠠᠷ ᠢᠶᠠᠨ ᠠᠶᠤᠨ ᠰᠠᠨᠳᠤᠷᠬᠤ | ᠬᠡᠷᠡᠭ ᠦᠭᠡᠢ ᠭᠡᠵᠡᠢ᠃ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠠᠯ᠎ᠠ ᠪᠠᠷ᠂ ᠰᠢᠦᠢ ᠷᠦᠨ ᠧ ᠭᠤᠤᠯᠳᠠᠭᠤ ᠳᠤᠤᠷᠠᠬᠢ ᠬᠡᠳᠦᠨ | ᠵᠦᠢᠯ ᠤᠨ ᠠᠷᠭ᠎ᠠ ᠬᠡᠮᠵᠢᠶ᠎ᠡ ᠶᠢ ᠳᠤᠷᠠᠳᠴᠠᠢ᠄ ᠬᠢᠵᠢᠭ ᠲᠤ ᠬᠠᠯᠳᠠᠪᠤᠷᠢᠯᠠᠭᠰᠠᠨ ᠪᠤᠶᠤ ᠦᠬᠦᠭᠰᠡᠨ ᠠᠮᠢᠲᠠᠨ ᠲᠠᠢ | ᠤᠶᠢᠷᠠᠳᠬᠤ ᠠᠴᠠ ᠵᠠᠶᠢᠯᠠᠰᠬᠢᠵᠤ᠂ ᠰᠢᠯᠲᠠᠭᠠᠨ ᠨᠢ ᠲᠤᠳᠤᠷᠬᠠᠢ ᠦᠭᠡᠢ ᠶᠡᠭᠡ ᠪᠠᠷ ᠬᠠᠯᠠᠭᠤᠷᠠᠬᠤ ᠪᠠ ᠬᠡᠨᠡᠳᠲᠡ | ᠦᠬᠦᠭᠰᠡᠨ ᠡᠪᠡᠳᠴᠢᠲᠡᠨ ᠠᠴᠠ ᠵᠠᠶᠢᠯᠠᠰᠬᠢᠨ᠂ ᠨᠤᠬᠠᠢ ᠶᠢᠨ ᠪᠦᠭᠡᠰᠦᠨ ᠳᠤ ᠬᠠᠵᠠᠭᠳᠠᠬᠤ ᠠᠴᠠ ᠰᠡᠷᠭᠡᠶᠢᠯᠡᠵᠦ᠂ | ᠬᠤᠯᠤᠭᠠᠨ᠎ᠠ ᠪᠠ ᠨᠤᠬᠠᠢ ᠶᠢᠨ ᠪᠦᠭᠡᠰᠦ ᠶᠢ ᠤᠰᠠᠳᠬᠠᠬᠤ ᠬᠡᠷᠡᠭᠲᠡᠢ᠃ ᠤᠳᠤᠬᠠᠨ ᠳᠤ᠂ ᠰᠢᠯᠢ ᠶᠢᠨ ᠭᠤᠤᠯ ᠠᠶᠢᠮᠠᠭ | ᠨᠢᠭᠡᠨᠲᠡ ᠡᠪᠡᠳᠴᠢᠲᠡᠨ ᠤ ᠰᠠᠭᠤᠭ᠎ᠠ ᠭᠠᠵᠠᠷ ᠢᠶᠠᠷ ᠭᠤᠤᠯᠳᠠᠯᠭ᠎ᠠ ᠪᠤᠯᠭᠠᠵᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ | ᠬᠦᠷᠢᠶ᠎ᠡ ᠬᠡᠪᠴᠢᠶ᠎ᠡ ᠪᠠᠨ ᠦᠷᠭᠡᠳᠭᠡᠬᠦ ᠶᠢᠨ ᠬᠠᠮᠲᠤ ᠬᠢᠨᠠᠨ ᠬᠡᠮᠵᠢᠭᠰᠡᠨ ᠪᠠᠶᠢᠳᠠᠯ ᠢᠶᠠᠨ ᠦᠨᠳᠦᠰᠦᠯᠡᠨ | ᠬᠠᠮᠠᠭᠠᠯᠠᠯᠲᠠ ᠶᠢᠨ ᠴᠢᠨᠠᠷᠲᠠᠢ ᠬᠤᠯᠤᠭᠠᠨ᠎ᠠ ᠨᠤᠬᠠᠢ ᠶᠢᠨ ᠪᠦᠭᠡᠰᠦ ᠶᠢ ᠴᠠᠭ ᠲᠤᠬᠠᠢ ᠳᠤ ᠨᠢ ᠤᠰᠠᠳᠬᠠᠵᠤ ᠪᠠᠶᠢᠨ᠎ᠠ᠃ | ᠡᠯ᠎ᠡ ᠱᠠᠲᠤᠨ ᠤ ᠡᠯ᠎ᠡ ᠲᠦᠷᠦᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠴᠤ ᠬᠠᠯᠠᠭᠤᠷᠠᠭᠰᠠᠨ | ᠡᠪᠡᠳᠴᠢᠲᠡᠨ ᠢ ᠬᠢᠨᠡᠨ ᠬᠡᠮᠵᠢᠬᠦ ᠪᠠ ᠬᠠᠮᠢᠶᠠᠷᠬᠤ ᠠᠵᠢᠯ ᠢᠶᠠᠨ ᠴᠢᠩᠭᠠᠳᠬᠠᠪᠠ ᠭᠡᠵᠡᠢ᠃ | ᠰᠢᠦᠢ ᠷᠦᠨ ᠧ ᠬᠡᠯᠡᠭᠰᠡᠨ ᠨᠢ᠂ ︽ᠭᠤᠷᠪᠠ ᠶᠢ ᠮᠡᠳᠡᠭᠦᠯᠵᠦ ᠭᠤᠷᠪᠠ ᠶᠢ ᠴᠡᠭᠡᠷᠯᠡᠬᠦ︾ ᠲᠦᠷᠢᠮ ᠢ | ᠨᠠᠶᠢᠳᠠᠪᠤᠷᠢᠵᠢᠭᠤᠯᠬᠤ ︵ᠡᠪᠡᠳᠴᠢᠨ ᠢᠶᠠᠷ ᠦᠬᠦᠭᠰᠡᠨ ᠬᠤᠯᠤᠭᠠᠨ᠎ᠠ ᠶᠢ ᠮᠡᠳᠡᠭᠦᠯᠬᠦ᠂ ᠬᠤᠯᠤᠭᠠᠨ᠎ᠠ ᠶᠢᠨ ᠬᠢᠵᠢᠭ ᠤᠨ | ᠰᠡᠵᠢᠭᠲᠡᠢ ᠡᠪᠡᠳᠴᠢᠲᠡᠨ ᠢ ᠮᠡᠳᠡᠭᠦᠯᠬᠦ᠂ ᠤᠴᠢᠷ ᠰᠢᠯᠲᠠᠭᠠᠨ ᠨᠢ ᠲᠤᠳᠤᠷᠬᠠᠢ ᠪᠤᠰᠤ ᠬᠠᠯᠠᠭᠤᠷᠠᠭᠰᠠᠨ ᠡᠪᠡᠳᠴᠢᠲᠡᠨ | ᠪᠠ ᠬᠡᠨᠡᠳᠲᠡ ᠦᠬᠦᠭᠰᠡᠨ ᠬᠦᠮᠦᠨ ᠢ ᠮᠡᠳᠡᠭᠦᠯᠦᠨ᠎ᠡ᠂ ᠬᠢᠵᠢᠭ ᠤᠨ ᠰᠤᠷᠪᠤᠯᠵᠢᠲᠤ ᠠᠮᠢᠲᠠᠨ ᠢ ᠳᠤᠷ᠎ᠠ ᠪᠠᠷ ᠢᠶᠠᠨ | ᠠᠩᠨᠠᠬᠤ ᠦᠭᠡᠢ ᠪᠠᠶᠢᠬᠤ᠂ ᠬᠢᠵᠢᠭ ᠤᠨ ᠰᠤᠷᠪᠤᠯᠵᠢᠲᠤ ᠠᠮᠢᠲᠠᠨ ᠢ ᠦᠪᠴᠢᠵᠦ ᠢᠳᠡᠬᠦ ᠦᠭᠡᠢ ᠪᠠᠶᠢᠬᠤ᠂ | ᠬᠢᠵᠢᠭ ᠤᠨ ᠰᠤᠷᠪᠤᠯᠵᠢᠲᠤ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠬᠢᠵᠢᠭ ᠤᠨ ᠤᠷᠤᠨ ᠠᠴᠠ ᠳᠤᠷ᠎ᠠ | ᠪᠠᠷ ᠢᠶᠠᠨ ᠠᠪᠴᠤ ᠶᠠᠪᠤᠬᠤ ᠦᠭᠡᠢ ᠪᠠᠶᠢᠬᠤ︶ ᠪᠤᠯ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠬᠤ ᠶᠢ ᠰᠡᠷᠭᠡᠶᠢᠯᠡᠬᠦ | ᠪᠦᠲᠦᠮᠵᠢᠲᠠᠢ ᠠᠷᠭ᠎ᠠ ᠬᠡᠮᠵᠢᠶ᠎ᠡ ᠮᠥᠨ᠂ ᠠᠷᠠᠳ ᠤᠯᠠᠨ ᠬᠡᠷᠪᠡ ᠶᠡᠭᠡ ᠪᠠᠷ ᠬᠠᠯᠠᠭᠤᠷᠠᠬᠤ᠂ ᠳᠠᠭᠠᠷᠠᠳᠠᠰᠤ ᠬᠦᠷᠬᠦ᠂ | ᠯᠢᠮᠹᠠ ᠶᠢᠨ ᠪᠤᠯᠴᠢᠷᠬᠠᠢ ᠡᠪᠡᠳᠬᠦ᠂ ᠬᠠᠨᠢᠶᠠᠬᠤ᠂ ᠴᠢᠰᠤ ᠪᠠᠷ ᠬᠠᠨᠢᠶᠠᠬᠤ ᠪᠤᠶᠤ ᠴᠢᠰᠤ ᠭᠠᠷᠬᠤ ᠵᠡᠷᠭᠡ ᠶᠠᠮᠠᠷᠪᠠ | ᠡᠪᠡᠳᠴᠢᠨ ᠤ ᠰᠢᠨᠵᠢ ᠢᠯᠡᠷᠡᠯ ᠭᠠᠷᠪᠠᠯ ᠠᠮᠠᠪᠴᠢ ᠵᠡᠭᠦᠵᠦ ᠲᠤᠬᠠᠢ ᠶᠢᠨ ᠭᠠᠵᠠᠷ ᠤᠨ ᠡᠮᠴᠢᠯᠡᠭᠡᠨ ᠤ | ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠤ ᠡᠮᠨᠡᠭᠦᠯᠬᠦ ᠶᠢᠨ ᠬᠠᠮᠲᠤ ᠦᠢᠷ᠎ᠠ ᠶᠢᠨ | ᠬᠤᠭᠤᠴᠠᠭᠠᠨ ᠤ ᠠᠵᠢᠯᠯᠠᠭᠠᠨ ᠤ ᠲᠡᠤᠬᠡ ᠪᠠ ᠤᠶᠢᠷᠠᠲᠤᠭᠰᠠᠨ ᠲᠡᠤᠬᠡ ᠪᠠᠨ ᠰᠠᠨᠠᠭᠠᠴᠢᠯᠠᠭ᠎ᠠ ᠲᠠᠢ ᠪᠠᠷ ᠡᠮᠴᠢ ᠳᠤ | ᠮᠡᠳᠡᠭᠳᠡᠬᠦ ᠬᠡᠷᠡᠭᠲᠡᠢ ᠭᠡᠪᠡ᠃ | ᠰᠢᠦᠢ ᠷᠦᠨ ᠧ ᠪᠠᠰᠠ ᠢᠯᠡᠳᠭᠡᠭᠰᠡᠨ ᠨᠢ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠵᠦ ᠪᠤᠯᠤᠨ᠎ᠠ ᠵᠠᠰᠠᠵᠤ | ᠪᠠᠰᠠ ᠪᠤᠯᠤᠨ᠎ᠠ᠂ ᠡᠭᠦᠨ ᠢ ᠴᠢᠬᠤᠯᠠᠴᠢᠯᠠᠵᠤ ᠦᠵᠡᠬᠦ ᠬᠡᠷᠡᠭᠲᠡᠢ ᠭᠡᠪᠡᠴᠤ ᠠᠶᠤᠵᠤ ᠰᠠᠨᠳᠤᠷᠬᠤ ᠬᠡᠷᠡᠭ ᠦᠭᠡᠢ᠃ | ᠠᠷᠠᠳ ᠤᠯᠠᠨ ᠬᠡᠪ ᠤᠨ ᠶᠤᠰᠤᠭᠠᠷ ᠠᠵᠢᠯᠯᠠᠵᠤ ᠠᠮᠢᠳᠤᠷᠠᠨ᠂ ᠬᠡᠲᠦᠷᠬᠡᠢ ᠰᠠᠨᠠᠭ᠎ᠠ ᠵᠤᠪᠠᠭ᠋ᠤ ᠬᠡᠷᠡᠭ ᠦᠭᠡᠢ ᠭᠡᠪᠡ᠃ | |