ᠣᠲᠤᠬᠠᠨ ᠳᠤ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠵᠢᠯ ᠤᠨ | ᠰᠤᠷᠳᠡᠯ ᠢᠶᠠᠨ ᠬᠠᠯᠠᠨ ᠰᠠᠶᠢᠵᠢᠷᠠᠭᠤᠯᠤᠨ ᠦᠨᠲᠦᠰᠦᠨ ᠱᠠᠲᠤᠨ ᠳᠤ ᠦᠢᠯᠡᠴᠢᠯᠡᠬᠦ ᠠᠷᠭ᠎ᠠ ᠬᠡᠮᠵᠢᠶ᠎ᠡ ᠨᠦᠭᠦᠳ ᠤᠨ | ᠱᠠᠭᠠᠷᠳᠠᠯᠭ᠎ᠠ ᠪᠠ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠬᠤᠷᠠᠯᠲᠤᠭᠠᠨ ᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠲᠠᠪᠤᠷᠢᠵᠢᠭᠤᠯᠬᠤ ᠶᠢᠨ ᠲᠦᠯᠦᠭᠡ᠂ ᠪᠦᠬᠦ ᠤᠯᠤᠰ ᠤᠨ 31 ᠮᠤᠵᠢ ᠬᠤᠲᠠ ᠦᠪᠡᠷᠲᠡᠭᠡᠨ ᠵᠠᠰᠠᠬᠤ | ᠣᠷᠤᠨ ᠠᠴᠠ 31 ᠦᠨᠳᠦᠰᠦᠨ ᠱᠠᠲᠤᠨ ᠤ ᠨᠢᠭᠡᠴᠢ ᠶᠢ ᠰᠢᠯᠢᠨ ᠰᠤᠩᠭᠤᠵᠦ᠂ ᠲᠦᠷᠦ ᠶᠢᠨ ᠪᠣᠲᠤᠯᠭ᠎ᠠ ᠬᠠᠤᠯᠢ | ᠲᠣᠭᠲᠠᠭᠠᠯ ᠤᠨ ᠠᠵᠢᠯ ᠤᠨ ᠦᠨᠲᠦᠰᠦᠨ ᠱᠠᠲᠤᠨ ᠤ ᠠᠩᠬᠠᠳᠠᠭᠴᠢ ᠪᠦᠯᠦᠭ ᠬᠠᠷᠢᠯᠴᠠᠬᠤ ᠴᠡᠭ ᠪᠣᠯᠭᠠᠵᠠᠢ᠃ | ᠤᠯᠠᠭᠠᠨᠬᠠᠲᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠴᠣᠷ ᠤᠨ ᠭᠠᠭᠴᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠦᠷᠦ ᠶᠢᠨ ᠪᠣᠲᠤᠯᠭ᠎ᠠ ᠬᠠᠤᠯᠢ ᠲᠣᠭᠲᠠᠭᠠᠯ ᠤᠨ ᠲᠦᠷᠢᠮ ᠤᠨ ᠦᠨᠲᠦᠰᠦᠨ ᠱᠠᠲᠦᠨ ᠤ | ᠬᠠᠷᠢᠯᠴᠠᠬᠤ ᠴᠡᠭ ᠢᠶᠠᠷ ᠦᠨᠡᠯᠡᠭᠳᠡᠪᠡ᠃ ᠬᠠᠷᠢᠯᠴᠠᠬᠤ ᠴᠡᠭ ᠨᠢ ᠭᠤᠣᠯᠳᠠᠭᠤ ᠲᠣᠣᠷᠠᠬᠢ ᠠᠵᠢᠯ ᠤᠳ ᠢ ᠬᠢᠨ᠎ᠡ᠄ | ᠬᠠᠮᠢᠶ᠎ᠠ ᠪᠦᠬᠦᠢ ᠲᠦᠷᠦ ᠶᠢᠨ ᠪᠣᠲᠤᠯᠭ᠎ᠠ ᠬᠠᠤᠯᠢ ᠲᠣᠭᠳᠠᠭᠠᠯ ᠪᠠ ᠪᠠᠷᠢᠮᠵᠢᠶ᠎ᠠ ᠶᠢ ᠪᠦᠬᠦ ᠲᠠᠯ᠎ᠠ ᠪᠠᠷ | ᠬᠡᠷᠡᠭᠵᠢᠬᠦᠯᠬᠦ ᠠᠴᠠ ᠡᠮᠦᠨᠡᠬᠢ ᠲᠣᠷᠰᠢᠯᠲᠠ ᠶᠢᠨ ᠠᠵᠢᠯ ᠢ ᠬᠠᠮᠵᠢᠯᠴᠠᠨ ᠬᠢᠨ᠎ᠡ᠃ ᠬᠠᠮᠢᠶ᠎ᠠ ᠪᠦᠬᠦᠢ ᠪᠠᠶᠢᠴᠠᠭᠠᠨ | ᠰᠣᠲᠤᠯᠬᠤ ᠠᠵᠢᠯᠯᠠᠭ᠎ᠠ ᠶᠢ ᠬᠠᠮᠵᠢᠯᠴᠠᠨ ᠬᠢᠬᠦ ᠶᠢᠨ ᠬᠠᠮᠲᠦ ᠦᠨᠲᠦᠰᠦᠨ ᠱᠠᠲᠦᠨ ᠤ ᠠᠩᠬᠠᠨ ᠤ ᠲᠤᠭ᠎ᠠ | ᠪᠠᠷᠢᠮᠲᠠ ᠶᠢᠨ ᠮᠠᠲ᠋ᠧᠷᠢᠶᠠᠯ ᠢ ᠬᠠᠨᠭ᠍ᠭᠠᠨ᠎ᠠ᠃ ᠬᠠᠮᠢᠶ᠎ᠠ ᠪᠦᠬᠦᠢ ᠲᠦᠷᠦ ᠶᠢᠨ ᠪᠣᠲᠤᠯᠭ᠎ᠠ ᠬᠠᠤᠯᠢ ᠲᠣᠭᠲᠠᠭᠠᠯ ᠪᠠ | ᠪᠠᠷᠢᠮᠵᠢᠶ᠎ᠠ ᠳᠤ ᠰᠠᠨᠠᠯ ᠬᠤᠷᠢᠶᠠᠭᠰᠠᠨ ᠡᠬᠡ ᠪᠢᠴᠢᠭ ᠲᠤ ᠵᠠᠰᠠᠪᠤᠷᠢ ᠤᠷᠤᠭᠤᠯᠬᠤ ᠰᠠᠨᠠᠯ ᠪᠠ ᠰᠠᠨᠠᠭᠤᠯᠭ᠎ᠠ ᠲᠤᠷᠠᠲᠤᠨᠠ᠃ | ᠬᠠᠷᠢᠶᠠᠲᠦ ᠣᠷᠤᠨ ᠤ ᠪᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠡᠷᠢᠬᠦᠨ ᠤ ᠲᠣᠷᠰᠢᠯᠭ᠎ᠠ᠂ | ᠰᠢᠨ᠎ᠡ ᠶᠢ ᠡᠭᠦᠲᠦᠭᠰᠡᠨ ᠠᠷᠭ᠎ᠠ ᠬᠢᠲᠡᠯ ᠪᠣᠶᠦ ᠴᠢᠬᠤᠯᠠ ᠪᠢᠴᠢᠭ ᠮᠠᠲ᠋ᠧᠷᠢᠶᠠᠯ ᠢ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠳᠤ ᠬᠠᠭᠤᠯᠤᠨ ᠢᠯᠡᠭᠡᠨ᠎ᠡ᠃ ᠡᠬᠦᠨ ᠤ ᠬᠠᠮᠲᠦ ᠬᠠᠮᠢᠶ᠎ᠠ ᠪᠦᠬᠦᠢ ᠲᠦᠷᠦ ᠶᠢᠨ ᠪᠣᠲᠤᠯᠭ᠎ᠠ᠂ | ᠬᠠᠤᠯᠢ ᠲᠣᠭᠲᠠᠭᠠᠯ ᠪᠣᠯᠣᠨ ᠪᠠᠷᠢᠮᠵᠢᠶ᠎ᠠ ᠶᠢ ᠬᠠᠷᠢᠶᠠᠲᠦ ᠣᠷᠤᠨ ᠳᠤ ᠪᠠᠨ ᠬᠡᠷᠡᠭᠵᠢᠭᠦᠯᠵᠦ ᠪᠠᠶᠢᠭ᠎ᠠ ᠪᠠᠶᠢᠳᠡᠯ ᠳᠤ | ᠬᠠᠮᠵᠢᠯᠴᠠᠨ ᠦᠨᠡᠯᠡᠯᠲᠡ ᠬᠢᠵᠦ᠂ ᠬᠠᠮᠢᠶ᠎ᠠ ᠪᠦᠬᠦᠢ ᠲᠦᠷᠦ ᠶᠢᠨ ᠪᠣᠲᠤᠯᠭ᠎ᠠ᠂ ᠬᠠᠤᠯᠢ ᠲᠣᠭᠲᠠᠭᠠᠯ᠂ ᠪᠠᠷᠢᠮᠵᠢᠶ᠎ᠠ ᠶᠢᠨ | ᠪᠣᠯᠤᠮᠵᠢᠲᠦ ᠴᠢᠨᠠᠷ ᠪᠣᠯᠤᠨ ᠠᠵᠢᠯᠯᠠᠭᠤᠰᠢᠲᠠᠢ ᠴᠢᠨᠠᠷ ᠲᠤ ᠵᠠᠳᠠᠯᠤᠯᠲᠠ ᠬᠢᠨ᠎ᠡ᠃ | ᠤᠯᠠᠭᠠᠨᠬᠠᠲᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ | ᠲᠦᠷᠦ ᠶᠢᠨ ᠪᠣᠲᠤᠯᠭ᠎ᠠ ᠬᠠᠤᠯᠢ ᠲᠣᠭᠲᠠᠭᠠᠯ ᠤᠨ ᠠᠵᠢᠯ ᠤᠨ ᠲᠤᠮᠲᠠ ᠰᠡᠳᠬᠢᠴᠡ ᠪᠠᠨ ᠦᠷᠭᠡᠳᠭᠡᠵᠦ᠂ ᠡᠷᠡᠯᠭᠡᠭᠯᠡᠨ | ᠤᠷᠤᠭᠰᠢᠯᠠᠵᠦ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠵᠣᠬᠢᠶᠠᠨ | ᠪᠠᠶᠢᠭᠤᠯᠤᠭᠰᠠᠨ ᠪᠠᠶᠢᠴᠠᠭᠠᠨ ᠰᠣᠲᠤᠯᠬᠤ ᠬᠤᠷᠡᠯ᠂ ᠶᠠᠷᠢᠯᠴᠠᠬᠤ ᠬᠤᠷᠡᠯ᠂ ᠰᠡᠳᠦᠪ ᠰᠣᠲᠤᠯᠬᠤ ᠬᠤᠷᠡᠯ ᠵᠡᠷᠭᠡ ᠳᠤ | ᠢᠳᠡᠪᠬᠢᠲᠠᠢ ᠣᠷᠤᠯᠴᠠᠵᠦ᠂ ᠰᠢᠨ᠎ᠡ ᠡᠬᠦᠲᠦᠯᠲᠡ ᠲᠠᠢ ᠠᠵᠢᠯᠯᠠᠵᠦ᠂ ᠴᠢᠳᠠᠪᠦᠷᠢ ᠪᠣᠯᠤᠨ ᠬᠢᠷᠢ ᠬᠡᠮᠵᠢᠶ᠎ᠡ ᠪᠠᠨ | ᠦᠷᠭᠦᠯᠵᠢᠯᠡᠨ ᠳᠡᠭᠡᠭᠰᠢᠯᠡᠭᠦᠯᠵᠦ᠂ ᠲᠦᠷᠦ ᠶᠢᠨ ᠪᠣᠲᠤᠯᠭ᠎ᠠ ᠬᠠᠤᠯᠢ ᠲᠣᠭᠲᠠᠭᠠᠯ ᠤᠨ ᠠᠵᠢᠯ ᠢᠶᠠᠷ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠬᠦᠭᠵᠢᠯᠲᠡ ᠳᠤ ᠨᠡᠩ ᠰᠠᠶᠢᠨ ᠦᠢᠯᠡᠴᠢᠯᠡᠨ᠎ᠡ᠃ |