ᠦᠬᠠᠢ ᠬᠤᠲᠠ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠶᠢ ᠴᠢᠩᠭᠠᠷᠠᠭᠤᠯᠤᠨ᠂ ᠬᠦᠬᠡ ᠤᠭᠲᠠᠷᠭᠤᠢ ᠬᠦᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2019/11/20
     ᠡᠨᠡ ᠵᠢᠯ ᠠᠴᠠ ᠨᠠᠭᠠᠰᠢ᠂ ᠦᠬᠠᠢ ᠬᠤᠲᠠ ᠤᠷᠴᠢᠨ ᠲᠤᠭᠤᠷᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠴᠠ ᠴᠢᠩᠭ᠎ᠠ ᠠᠳᠬᠤᠵᠤ᠂ ᠭᠤᠣᠯᠳᠠᠯᠭ᠎ᠠ ᠲᠠᠢ ᠪᠤᠬᠢᠷᠳᠦᠯ ᠤᠨ ᠡᠬᠢ ᠶᠢ ᠰᠡᠷᠭᠡᠶᠢᠯᠡᠨ ᠡᠵᠡᠮᠳᠡᠬᠦ ᠶᠢ ᠡᠷᠴᠢᠮᠵᠢᠭᠦᠯᠦᠨ᠂ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠦᠷᠨᠢᠭᠦᠯᠵᠦ᠂ ᠪᠤᠬᠢᠷᠳᠤᠯ ᠦᠭᠡᠢ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠢ ᠲᠦᠯᠬᠢᠨ ᠠᠬᠢᠭᠤᠯᠵᠤ᠂ ᠠᠭᠠᠷ ᠤᠨ ᠴᠡᠪᠡᠷᠴᠡ ᠶᠢ ᠦᠷᠭᠦᠯᠵᠢᠯᠡᠨ ᠰᠠᠶᠢᠵᠢᠷᠠᠭᠤᠯᠬᠤ ᠶᠢ ᠪᠠᠲᠤᠯᠠᠵᠤ ᠪᠠᠶᠢᠨ᠎ᠠ᠃       ︽ᠲᠠᠷᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠤᠬᠢᠷᠳᠤᠯ ᠶᠡᠬᠡᠲᠡᠢ︾᠎ ᠶᠢ ᠶᠡᠷᠦᠩᠬᠡᠶᠢᠯᠡᠨ ᠵᠠᠰᠠᠬᠤ ᠶᠢ ᠡᠷᠴᠢᠮᠵᠢᠭᠦᠯᠪᠡ᠃ ᠦᠬᠠᠢ ᠬᠤᠲᠠ ᠶᠢᠨ ︽ᠲᠠᠷᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ ᠲᠤᠰᠬᠠᠢ ᠲᠦᠷᠦᠯ ᠤᠨ ᠠᠵᠢᠯᠯᠠᠭᠠᠨ ᠤ ᠲᠦᠰᠦᠯ ᠶᠤᠰᠤᠭᠠᠷ᠂ ᠡᠯ᠎ᠡ ᠲᠤᠭᠤᠷᠢᠭ ᠲᠤᠰᠬᠠᠢ ᠲᠦᠷᠦᠯ ᠤᠨ ᠠᠵᠢᠯᠯᠠᠬᠤ ᠳᠤᠭᠤᠶᠢᠯᠠᠩ ᠢ ᠪᠠᠶᠢᠭᠤᠯᠤᠨ᠂ ᠬᠠᠷᠢᠶ᠎ᠠ ᠲᠤᠭᠤᠷᠢᠭ ᠲᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠭᠡᠭᠡᠭᠳᠡᠭᠦᠯᠦᠯ ᠦᠭᠡᠢ ᠵᠢᠭᠰᠠᠭᠠᠨ ᠪᠠᠶᠢᠴᠠᠭᠠᠵᠤ᠂ ︽ᠲᠠᠷᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠠᠷᠢᠨ ᠳᠠᠩᠰᠠ ᠶᠢ ᠤᠶᠢᠯᠠᠭᠠᠵᠤ ᠠᠪᠴᠠᠢ᠃       ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠵᠠᠳᠠᠭᠠᠢ ᠮᠠᠯᠲᠠᠬᠤ ᠠᠵᠦ ᠠᠬᠤᠶᠢᠯᠠᠯ ᠤᠨ ᠰᠦᠨᠢ ᠪᠠᠷ ᠦᠢᠯᠡᠳᠪᠦᠷᠢᠯᠡᠬᠦ ᠳᠤ ᠴᠢᠩᠭ᠎ᠠ ᠴᠤᠬᠢᠯᠲᠠ ᠦᠭᠴᠡᠢ᠃ ᠬᠤᠲᠠ ᠶᠢᠨ ᠤᠷᠴᠢᠨ ᠲᠤᠭᠤᠷᠢᠨ ᠢ ᠬᠢᠨᠠᠨ ᠪᠠᠶᠢᠴᠠᠭᠠᠬᠤ ᠰᠠᠯᠪᠤᠷᠢ ᠠᠩᠭᠢ ᠨᠢ ᠤᠯᠠᠨ ᠳᠤᠭᠤᠶᠢᠯᠠᠩ ᠬᠤᠪᠢᠶᠠᠵᠤ᠂ ᠲᠤᠬᠠᠢ ᠶᠢᠨ ᠲᠠᠯᠠᠪᠤᠷ ᠲᠤ ᠭᠡᠨᠡᠳᠡᠭᠦᠯᠦᠨ ᠤᠴᠢᠬᠤ ᠠᠷᠭ᠎ᠠ ᠮᠠᠶ᠋ᠢᠭ ᠢ ᠠᠪᠴᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠬᠢᠯᠡᠨ᠂ ᠭᠠᠷᠠᠭ ᠪᠦᠷᠢ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠪᠦᠬᠦ ᠬᠤᠲᠠ ᠶᠢᠨ ᠵᠠᠳᠠᠭᠠᠢ ᠨᠡᠭᠦᠷᠡᠰᠦ ᠮᠠᠯᠲᠠᠬᠤ ᠠᠵᠤ ᠠᠬᠤᠶᠢᠯᠠᠯ ᠤᠨ ᠰᠦᠨᠢ ᠶᠢᠨ ᠦᠢᠯᠡᠳᠪᠦᠷᠢᠯᠡᠯ ᠤᠨ ᠪᠠᠶᠢᠳᠠᠯ ᠳᠤ ᠭᠡᠨᠡᠳᠡᠭᠦᠯᠦᠨ ᠪᠠᠶᠢᠴᠠᠭᠠᠯᠲᠠ ᠬᠢᠵᠦ᠂ 10 ᠳ᠋ᠤᠭᠠᠷ ᠰᠠᠷ᠎ᠠ ᠶᠢᠨ ᠡᠴᠦᠰ ᠪᠤᠯᠲᠠᠯ᠎ᠠ᠂ ᠪᠦᠬᠦ ᠬᠤᠲᠠ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠨᠡᠶᠢᠲᠡ 478 ᠡᠷᠦᠬᠡ ᠤᠳᠠᠭ᠎ᠠ ᠪᠠᠶᠢᠴᠠᠭᠠᠪᠠ᠃     ᠠᠵᠤ ᠠᠬᠤᠶᠢᠯᠠᠯ ᠤᠨ ᠴᠡᠭᠴᠡᠯᠡᠨ ᠨᠠᠶᠢᠳᠠᠪᠤᠷᠢᠵᠢᠭᠤᠯᠤᠯᠲᠠ ᠶᠢ ᠨᠡᠷ᠎ᠡ ᠵᠢᠭᠠᠨ ᠰᠢᠮᠳᠠᠭᠤᠯᠤᠨ ᠭᠦᠢᠴᠡᠳᠬᠡᠬᠦ ᠶᠢ ᠠᠬᠢᠭᠤᠯᠵᠤ᠂ ᠪᠠᠷᠢᠮᠵᠢᠶ᠎ᠠ ᠠᠴᠠ ᠳᠠᠪᠠᠭᠰᠠᠨ ᠠᠵᠤ ᠠᠬᠤᠶᠢᠯᠠᠯ ᠳᠤ ᠤᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠤᠳᠤᠬᠠᠨ ᠳᠤ᠂ ᠦᠪᠦᠷ ᠮᠤᠩᠭᠤᠯ ᠤᠨ ᠬᠠᠲᠤᠨ ᠭᠤᠤᠯ ᠤᠨ ᠠᠵᠤ ᠦᠢᠯᠡᠳᠪᠦᠷᠢ ᠠᠷᠠᠯᠵᠢᠶᠠᠨ ᠤ ᠪᠦᠯᠦᠭᠯᠡᠯ ᠤᠨ ᠴᠢᠶᠠᠨ ᠯᠢ ᠱᠠᠨ ᠨᠡᠭᠦᠷᠡᠰᠦ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠳᠤ ᠨᠡᠷ᠎ᠡ ᠵᠢᠭᠠᠨ ᠰᠢᠮᠳᠠᠭᠤᠯᠤᠨ ᠰᠢᠢᠳᠪᠦᠷᠢᠯᠡᠵᠦ ᠪᠠᠶᠢᠭᠰᠠᠨ ᠢᠶᠠᠨ 2019 ᠤᠨ ᠤ 3 ᠳ᠋ᠤᠭᠠᠷ ᠰᠠᠷ᠎ᠠ ᠶᠢᠨ 27᠎ ᠤ ᠡᠳᠦᠷ ᠵᠤᠭᠰᠤᠵᠠᠢ︔ ᠦᠪᠦᠷ ᠮᠤᠩᠭᠤᠯ ᠤᠨ ᠶᠤᠸᠠᠨ ᠲᠥᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠯᠤᠨ ᠦᠬᠠᠢ ᠬᠤᠲᠠ ᠶᠢᠨ ᠬᠤᠸᠠ ᠰᠢᠨ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠤᠮᠫᠠᠨᠢ ᠳᠤ ᠨᠡᠷ᠎ᠡ ᠵᠢᠭᠠᠨ ᠰᠢᠮᠳᠠᠭᠤᠯᠤᠨ ᠰᠢᠢᠳᠪᠦᠷᠢᠯᠡᠭᠦᠯᠵᠦ ᠪᠠᠶᠢᠭᠰᠠᠨ ᠢᠶᠠᠨ 2019 ᠤᠨ ᠤ 5 ᠳ᠋ᠤᠭᠠᠷ ᠰᠠᠷ᠎ᠠ ᠶᠢᠨ 9᠎ ᠤ ᠡᠳᠦᠷ ᠵᠤᠭᠰᠤᠭᠠᠪᠠ᠃      ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ ᠶᠢ ᠵᠦᠷᠢᠴᠡᠵᠦ ᠪᠤᠬᠢᠷᠳᠤᠯ ᠲᠠᠢ ᠪᠤᠳᠠᠰ ᠭᠠᠳᠠᠭᠰᠢᠯᠠᠭᠤᠯᠬᠤ ᠳᠤ ᠬᠦᠴᠦᠲᠠᠢ ᠴᠤᠬᠢᠯᠲᠠ ᠦᠭᠪᠡ᠃ ᠦᠬᠠᠢ ᠬᠤᠲᠠ ᠭᠤᠣᠯᠳᠠᠯᠭ᠎ᠠ ᠎ ᠲᠠᠢ ᠭᠠᠳᠠᠭᠰᠢᠯᠠᠭᠤᠯᠬᠤ ᠨᠢᠭᠡᠴᠢ ᠳᠤ ᠰᠦᠯᠵᠢᠶᠠᠨ ᠳᠡᠭᠡᠷ᠎ᠡ ᠲᠤᠭ᠎ᠠ ᠪᠠᠷᠢᠮᠲᠠ ᠨᠢ ᠪᠠᠷᠢᠮᠵᠢᠶ᠎ᠠ ᠠᠴᠠ ᠬᠡᠲᠦᠷᠡᠭᠰᠡᠨ ᠶᠠᠪᠤᠳᠠᠯ ᠢ ᠤᠷᠢᠳᠴᠢᠯᠠᠨ ᠰᠡᠷᠡᠮᠵᠢᠯᠡᠭᠦᠯᠬᠦ ᠬᠤᠯᠪᠤᠭᠠᠲᠤ ᠬᠢᠨᠠᠯᠲᠠ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠵᠤ᠂ 2019 ᠤᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠪᠠᠷᠢᠮᠵᠢᠶ᠎ᠠ ᠠᠴᠠ ᠳᠠᠪᠠᠭᠤᠯᠤᠨ ᠪᠤᠬᠢᠷᠳᠦᠯ ᠲᠠᠢ ᠪᠤᠳᠠᠰ ᠭᠠᠳᠠᠭᠰᠢᠯᠠᠭᠤᠯᠬᠤ ᠶᠢ ᠤᠷᠢᠳᠴᠢᠯᠠᠨ ᠰᠡᠷᠡᠮᠵᠢᠯᠡᠭᠦᠯᠬᠦ ᠲᠤᠭᠲᠠᠴᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠬᠤᠲᠠ ᠶᠢᠨ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ ᠶᠢᠨ ᠰᠠᠯᠪᠤᠷᠢ ᠠᠩᠭᠢ 101 ᠬᠤᠪᠢ ᠪᠠᠷᠢᠮᠵᠢᠶ᠎ᠠ ᠠᠴᠠ ᠬᠡᠲᠦᠷᠡᠭᠰᠡᠨ ᠢ ᠤᠷᠢᠳᠴᠢᠯᠠᠨ ᠰᠡᠷᠡᠮᠵᠢᠯᠡᠭᠦᠯᠬᠦ ᠵᠠᠬᠢᠳᠠᠯ ᠪᠠᠭᠤᠯᠭᠠᠵᠤ᠂ ᠠᠽᠤᠲ᠂ ᠶᠡᠷᠦᠩᠬᠡᠢ ᠹᠤᠰᠹᠤᠷ᠂ ᠰᠢᠪᠲᠤᠷᠲᠤ ᠠᠽᠣᠲ᠂ ᠭᠦᠬᠦᠷ ᠤᠨ ᠲᠠᠪᠬᠤᠷ ᠢᠰᠦᠯ ᠵᠡᠷᠭᠡ ᠪᠤᠬᠢᠷᠳᠤᠯ ᠲᠠᠢ ᠪᠤᠳᠠᠰ ᠢ ᠪᠠᠷᠢᠮᠵᠢᠶ᠎ᠠ ᠠᠴᠠ ᠳᠠᠪᠠᠭᠤᠯᠤᠨ ᠭᠠᠳᠠᠭᠰᠢᠯᠠᠭᠤᠯᠬᠤ ᠠᠰᠠᠭᠤᠳᠠᠯ ᠤᠷᠣᠰᠢᠵᠤ ᠪᠠᠶᠢᠭ᠎ᠠ ᠠᠵᠤ ᠠᠬᠤᠶᠢᠯᠠᠯ ᠲᠠᠢ 19 ᠤᠳᠠᠭ᠎ᠠ ᠪᠤᠯᠵᠤᠨ ᠶᠠᠷᠢᠯᠴᠠᠵᠤ᠂ 11 ᠬᠤᠪᠢ ︽ᠵᠠᠰᠠᠭ ᠵᠠᠬᠢᠷᠭᠠᠨ ᠤ ᠰᠢᠢᠳᠬᠡᠯ ᠲᠤᠷᠭᠠᠭᠤᠯᠢ ᠶᠢᠨ ᠪᠢᠴᠢᠭ︾᠎ ᠢ  ᠪᠠᠭᠤᠯᠭᠠᠵᠤ᠂ ᠤᠷᠴᠢᠨ ᠲᠤᠭᠤᠷᠢᠨ ᠤ ᠬᠢᠨᠠᠨ ᠬᠠᠮᠢᠶᠠᠷᠤᠯᠲᠠ ᠶᠢᠨ ᠬᠠᠮᠤᠭ ᠡᠴᠦᠰ ᠤᠨ ᠨᠢᠭᠡ ᠺᠢᠯᠤᠮᠧᠲᠷ ᠢ ᠨᠡᠪᠲᠠᠷᠡᠭᠦᠯᠪᠡ᠃ ᠡᠭᠦᠨ ᠤ ᠬᠠᠮᠲᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠪᠤᠬᠢᠷᠳᠤᠯ ᠤᠨ ᠡᠬᠢ ᠰᠤᠷᠪᠤᠯᠵᠢ ᠶᠢᠨ ᠡᠳᠦᠷ ᠲᠤᠳᠤᠮ ᠤᠨ ᠤᠷᠴᠢᠨ ᠲᠤᠭᠤᠷᠢᠨ ᠤ ᠬᠢᠨᠠᠯᠲᠠ ᠬᠠᠮᠢᠶᠠᠷᠤᠯᠲᠠ ᠶᠢᠨ ︽ᠬᠤᠤᠰ ᠲᠠᠰᠢᠷᠠᠮ ᠳᠠᠭᠠᠤ ᠬᠢᠬᠦ᠂ ᠨᠢᠭᠡ ᠶᠢ ᠢᠯᠡ ᠪᠠᠶᠢᠯᠭᠠᠬᠤ ᠠᠵᠢᠯ︾᠎ ᠢ ᠴᠢᠩᠭ᠎ᠠ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠤ ᠬᠢᠨᠠᠯᠲᠠ ᠬᠠᠮᠢᠶᠠᠷᠤᠯᠲᠠ ᠶᠢᠨ ᠦᠨᠡᠨ ᠪᠤᠳᠠᠲᠠᠢ ᠭᠦᠴᠢᠷ ᠠᠰᠠᠭᠤᠳᠠᠯ ᠢ ᠬᠦᠨᠳᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠲᠠᠢ ᠪᠤᠯᠭᠠᠵᠠᠢ  ᠃       ︽ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠦᠴᠦᠨ ᠢ ᠪᠤᠯᠪᠠᠰᠤᠷᠠᠭᠤᠯᠬᠤ︾᠎ ᠪᠠᠷ ᠭᠠᠷᠳᠠᠴᠠ ᠪᠤᠯᠭᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠬᠦᠴᠦ ᠨᠡᠮᠡᠷᠢᠯᠡᠪᠡ᠃ ᠦᠬᠠᠢ ᠬᠤᠲᠠ ᠶᠢᠨ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠦᠴᠦᠨ ᠢ ᠪᠤᠯᠪᠠᠰᠤᠷᠠᠭᠤᠯᠬᠤ ᠲᠦᠯᠬᠢᠨ ᠠᠬᠢᠭᠤᠯᠤᠯᠲᠠ ᠶᠢᠨ ᠬᠤᠷᠠᠯ ᠢ ᠬᠤᠶᠠᠷ ᠤᠳᠠᠭ᠎ᠠ ᠬᠤᠷᠠᠯᠳᠤᠭᠤᠯᠵᠤ᠂ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠠᠢ︔ ᠤᠷᠴᠢᠨ ᠲᠤᠭᠤᠷᠢᠨ ᠢ ᠬᠢᠨᠠᠵᠤ ᠮᠦᠷᠳᠡᠨ ᠪᠠᠶᠢᠴᠠᠭᠠᠬᠤ ᠠᠵᠢᠯ ᠢ ᠴᠢᠩᠭᠠᠳᠬᠠᠵᠤ᠂ ᠤᠷᠴᠢᠨ ᠲᠤᠭᠤᠷᠢᠨ ᠢ ᠬᠢᠨᠠᠨ ᠪᠠᠶᠢᠴᠠᠭᠠᠬᠤ ᠲᠤᠰᠬᠠᠢ ᠲᠦᠷᠦᠯ ᠤᠨ ᠮᠦᠷᠳᠡᠨ ᠪᠠᠶᠢᠴᠠᠭᠠᠯᠲᠠ ᠪᠠ ᠲᠤᠰᠬᠠᠢ ᠬᠡᠷᠡᠭ ᠤᠨ ᠮᠦᠷᠳᠡᠨ ᠪᠠᠶᠢᠴᠠᠭᠠᠯᠲᠠ ᠶᠢ ᠦᠷᠨᠢᠭᠦᠯᠵᠦ᠂ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠪᠦᠷᠢᠨᠰᠢᠭᠦᠯᠵᠦ᠂ ᠠᠵᠢᠯ ᠤᠨ ᠲᠤᠭᠲᠠᠴᠠ ᠶᠢ  ᠲᠡᠭᠦᠯᠳᠡᠷᠵᠢᠭᠦᠯᠵᠦ᠂ ᠤᠷᠴᠢᠨ ᠲᠤᠭᠤᠷᠢᠨ ᠤ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠡᠢ᠃ 1᠎ ᠠᠴᠠ 10 ᠳ᠋ᠤᠭᠠᠷ ᠰᠠᠷ᠎ᠠ ᠪᠤᠯᠲᠠᠯ᠎ᠠ᠂ ᠬᠤᠲᠠ ᠶᠢᠨ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ ᠶᠢᠨ ᠰᠠᠯᠪᠤᠷᠢ ᠠᠩᠭᠢ ᠬᠠᠤᠯᠢ ᠬᠡᠷᠡᠭᠵᠢᠭᠦᠯᠬᠦ ᠠᠵᠢᠯᠲᠠᠨ ᠢ 525 ᠤᠳᠠᠭ᠎ᠠ ᠬᠦᠳᠡᠯᠭᠡᠵᠦ᠂ ᠬᠠᠤᠯᠢ ᠬᠡᠷᠡᠭᠵᠢᠭᠦᠯᠬᠦ ᠮᠠᠰᠢᠨ 250᠎ ᠶᠢ ᠬᠦᠳᠡᠯᠭᠡᠵᠦ᠂  ᠠᠵᠤ ᠠᠬᠤᠶᠢᠯᠠᠯ ᠢ 967 ᠡᠷᠦᠬᠡ ᠤᠳᠠᠭ᠎ᠠ ᠪᠠᠶᠢᠴᠠᠭᠠᠵᠠᠢ᠃ ᠡᠭᠦᠨ ᠠᠴᠠ ᠭᠠᠳᠠᠨ᠎ᠠ᠂ ᠤᠷᠴᠢᠨ ᠲᠤᠭᠤᠷᠢᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠤᠷᠴᠢᠨ ᠲᠤᠭᠤᠷᠢᠨ ᠤ ᠡᠷᠬᠡ ᠠᠰᠢᠭ ᠢ  ᠪᠠᠲᠤᠯᠠᠨ᠂ ᠤᠯᠠᠨ ᠲᠦᠮᠡᠨ ᠤ ᠡᠳᠦᠷ ᠲᠤᠳᠤᠮ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠢᠯᠡᠴᠢᠯᠡᠨ ᠮᠡᠳᠡᠭᠦᠯᠦᠯᠲᠡ ᠪᠠᠷ ᠰᠦᠪᠡᠭᠴᠢ ᠪᠤᠯᠭᠠᠵᠤ᠂ ᠴᠠᠭ ᠲᠤᠬᠠᠢ ᠳᠤ ᠨᠢ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠢᠢᠳᠪᠦᠷᠢᠯᠡᠵᠦ᠂ ᠰᠠᠯᠪᠤᠷᠢ ᠠᠩᠭᠢ ᠶᠢᠨ ᠬᠠᠤᠯᠢ ᠬᠡᠷᠡᠭᠵᠢᠭᠦᠯᠬᠦ ᠪᠦᠬᠦ ᠠᠵᠢᠯᠲᠠᠨ ᠤ ᠴᠢᠷᠮᠠᠶᠢᠯᠠᠭ᠎ᠠ ᠪᠠᠷ ᠳᠠᠮᠵᠢᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠬᠤ ᠳᠤ ᠬᠦᠴᠦ ᠴᠢᠳᠠᠯ ᠢᠶᠠᠨ ᠨᠡᠮᠡᠷᠢᠯᠡᠵᠠᠢ  ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号