︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠨᠦᠬᠦᠴᠡᠯ ᠤᠨ ᠵᠠᠰᠠᠯᠳᠠ ᠶᠢᠨ ᠠᠷᠭ᠎ᠠ︾᠎ ᠶᠢ ᠬᠦᠴᠦᠨ ᠦᠬᠡᠢ ᠪᠤᠯᠭᠠᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠲᠠᠭᠠᠯ
ᠨᠡᠶᠢᠲᠡᠯᠡᠭᠰᠡᠨ ᠴᠠᠭ᠄
2019/11/20
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                                240 ᠳ᠋ᠤᠭᠡᠷ ᠲᠤᠭᠠᠳᠤ      ︽︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠨᠦᠬᠦᠴᠡᠯ ᠤᠨ ᠵᠠᠰᠠᠯᠳᠠ ᠶᠢᠨ ᠠᠷᠭ᠎ᠠ﹀᠎ ᠶᠢ ᠬᠦᠴᠦᠨ ᠦᠬᠡᠢ ᠪᠤᠯᠭᠠᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠲᠠᠭᠠᠯ︾᠎ ᠢ 2019 ᠣᠨ ᠤ 8 ᠳ᠋ᠤᠭᠠᠷ ᠰᠠᠷ᠎ᠠ ᠶᠢᠨ 5᠎ ᠤ ᠡᠳᠦᠷ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 2019 ᠤᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠤᠯᠤᠨ᠎ᠠ᠃                              ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ  ᠪᠥ᠋ ᠰᠢᠶᠤᠤ ᠯᠢᠨ                                    2019 ᠣᠨ ᠤ 8 ᠳ᠋ᠤᠭᠠᠷ ᠰᠠᠷ᠎ᠠ ᠶᠢᠨ 21᠎ ᠤ ᠡᠳᠦᠷ      ᠨᠡᠶᠢᠬᠡᠮ ᠵᠢᠷᠤᠮ ᠤᠨ ᠬᠠᠤᠯᠢ ᠲᠦᠷᠢᠮ ᠤᠨ ᠨᠢᠬᠡᠳᠦᠯᠳᠡᠢ ᠪᠠᠶᠢᠬᠤ ᠶᠢ ᠬᠠᠮᠠᠭᠠᠯᠠᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠠᠯᠳᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠭᠤᠷᠬᠠᠢ ᠶᠢᠨ ᠠᠵᠦ ᠠᠬᠤᠢᠢᠯᠠᠯ ᠤᠨ ᠡᠬᠦᠷᠬᠡ ᠲᠠᠷᠤᠭᠠᠰᠤ ᠶᠢ ᠬᠦᠡᠭᠬᠡᠷᠡᠬᠦᠯᠵᠦ᠂ ᠠᠭᠤᠷᠬᠠᠢ ᠶᠢᠨ ᠠᠵᠦ ᠠᠬᠤᠢᠢᠯᠠᠯ ᠤᠨ ᠠᠮᠢᠵᠢᠷᠠᠯ ᠤᠨ ᠬᠦᠴᠦᠨ ᠢ ᠬᠦᠭᠵᠢᠬᠡᠬᠦ ᠶᠢᠨ ᠲᠤᠰᠠᠳᠠ᠂ 2019 ᠤᠨ ᠤ 8 ᠳ᠋ᠤᠭᠠᠷ ᠰᠠᠷ᠎ᠠ ᠶᠢᠨ 5᠎ ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 2019 ᠤᠨ ᠤ ᠠᠷᠪᠠᠨ ᠲᠠᠪᠤᠳᠤᠭᠠᠷ ᠤᠳᠠᠭᠠᠨ ᠤ ᠪᠠᠶᠢᠡᠭᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠳᠤᠯᠠᠭᠠᠳ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠨᠦᠬᠦᠴᠡᠯ ᠤᠨ ᠵᠠᠰᠠᠯᠳᠠ ᠶᠢᠨ ᠠᠷᠭ᠎ᠠ︾ ︵2015 ᠤᠨ ᠤ 3 ᠳ᠋ᠤᠭᠠᠷ ᠰᠠᠷ᠎ᠠ ᠶᠢᠨ 27᠎ ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ ᠤᠨ 212 ᠳ᠋ᠤᠭᠠᠷ ᠲᠤᠭᠠᠳᠤ ᠪᠠᠷ ᠨᠡᠶᠢᠳᠡᠯᠡᠵᠦ᠂ 2017 ᠤᠨ ᠤ 1 ᠳ᠋ᠦ᠋ᠬᠡᠷ ᠰᠠᠷ᠎ᠠ ᠶᠢᠨ 17᠎ ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ ᠤᠨ 222 ᠳ᠋ᠤᠭᠠᠷ ᠲᠤᠭᠠᠳᠤ ᠪᠠᠷ ᠵᠠᠰᠠᠪᠤᠷᠢ ᠤᠷᠤᠭᠤᠯᠪᠠ︶᠎ ᠶᠢ ᠬᠦᠴᠦᠨ ᠦᠬᠡᠢ ᠪᠤᠯᠭᠠᠬᠤ ᠪᠠᠷ ᠲᠤᠭᠳᠠᠭᠠᠪᠠ᠃      ᠲᠤᠰ ᠲᠤᠭᠳᠠᠭᠠᠯ ᠨᠡᠶᠢᠳᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号