ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ ᠱᠢ ᠲᠠᠢ ᠹᠧᠩ ᠶᠠᠷᠢᠶ᠎ᠠ ᠲᠠᠯᠪᠢᠵᠤ ᠪᠦ᠋ ᠰᠢᠶᠣᠤ ᠯᠢᠨ ᠬᠤᠷᠠᠯ ᠢ ᠡᠷᠬᠢᠯᠡᠵᠦ ᠯᠢ ᠰᠢᠤ ᠯᠢᠩ ᠣᠷᠣᠯᠴᠠᠪᠠ
ᠨᠡᠶᠢᠲᠡᠯᠡᠭᠰᠡᠨ ᠴᠠᠭ᠄
2019/11/21
     11 ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃
     11 ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠯᠢ ᠰᠢᠤ ᠯᠢᠩ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠥ᠋ᠩᠬᠡ ᠶᠠᠷᠢᠶ᠎ᠠ ᠲᠠᠯᠪᠢᠪᠠ᠃      ᠱᠢ ᠲᠠᠢ ᠹᠧᠩ ᠶᠠᠷᠢᠶᠠᠨ ᠳᠠᠭᠠᠨ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠠᠵᠢᠯ ᠤᠨ ᠣᠯᠤᠭᠰᠠᠨ ᠠᠮᠵᠢᠯᠲᠠ ᠪᠦᠳᠦᠮᠵᠢ ᠶᠢ ᠭᠦᠢᠴᠡᠳ ᠨᠤᠲᠠᠯᠠᠪᠠ᠃ ᠲᠡᠷᠡ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠠᠨ ᠤ ᠤᠯᠤᠰ ᠎ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠬᠡᠷᠡᠭᠵᠢᠭᠦᠯᠬᠦ ᠲᠡᠤᠬᠡ ᠶᠢᠨ ᠵᠠᠶᠢᠯᠠᠰᠢ ᠦᠭᠡᠢ ᠴᠢᠨᠠᠷ ᠢ ᠭᠦᠨᠵᠡᠭᠡᠶ ᠣᠶᠢᠯᠠᠭᠠᠨ ᠡᠵᠡᠮᠰᠢᠵᠦ᠂ ᠮᠠᠨ ᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠢᠯᠡᠷᠬᠡᠶ ᠳᠠᠪᠠᠭᠤᠯᠢᠭ ᠢ ᠭᠦᠨᠵᠡᠭᠡᠶ ᠣᠶᠢᠯᠠᠭᠠᠨ ᠡᠵᠡᠮᠰᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠨ ᠡᠵᠡᠮᠰᠢᠵᠦ᠂ ᠬᠤᠷᠴᠠ ᠴᠢᠩᠭ᠎ᠠ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠤᠬᠡ ᠶᠢᠨ ᠡᠭᠦᠷᠭᠡᠳᠤ ᠪᠤᠳᠤᠯ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠮᠠᠨ ᠤ ᠣᠷᠣᠨ ᠤ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠱᠢ ᠲᠠᠢ ᠹᠧᠩ᠂ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠰᠢ ᠶᠢᠨ ᠫᠢᠩ ᠨᠥᠬᠦᠷ ᠎ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠤᠳᠤᠷᠢᠳᠤᠯᠭ᠎ᠠ ᠶᠢᠨ ᠭᠤᠤᠯᠯᠠᠬᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠡᠬᠦᠷᠬᠡ ᠴᠢᠳᠠᠪᠬᠢ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠥᠭᠵᠢᠯᠲᠡ ᠶᠢᠨ ᠶᠡᠭᠡ ᠲᠠᠯ᠎ᠠ ᠶᠢ ᠴᠢᠩᠭ᠎ᠠ ᠡᠵᠡᠮᠳᠡᠵᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠶᠢᠨ ᠠᠯᠬᠤᠭ᠎ᠠ ᠶᠢ ᠴᠢᠩᠭ᠎ᠠ ᠳᠠᠭᠠᠵᠤ ᠬᠠᠤᠯᠢ ᠲᠣᠭᠲᠠᠭᠠᠬᠤ ᠠᠵᠢᠯ ᠢ ᠴᠢᠩᠭᠠᠳᠬᠠᠨ᠂ ᠶᠡᠭᠡ ᠶᠠᠪᠤᠳᠠᠯ ᠴᠢᠬᠤᠯᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ ᠵᠢᠴᠢ ᠠᠵᠢᠯᠲᠠᠨ ᠢ ᠲᠣᠮᠢᠯᠠᠵᠤ ᠪᠠᠭᠤᠯᠭᠠᠬᠤ ᠠᠵᠢᠯ ᠢ ᠰᠠᠶᠢᠲᠤᠷ ᠬᠢᠵᠦ᠂ ᠲᠥᠯᠥᠭᠡᠯᠡᠭᠴᠢ ᠶᠢᠨ ᠠᠵᠢᠯ ᠢ ᠰᠠᠶᠢᠲᠤᠷ ᠬᠢᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠡᠭᠦᠷᠭᠡᠯᠡᠬᠦ ᠬᠡᠷᠡᠭᠲᠡᠶ᠃ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠱᠢ ᠲᠠᠢ ᠹᠧᠩ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠬᠤᠯᠠ ᠵᠥᠪᠯᠡᠬᠦ ᠵᠦᠢᠯ ᠤᠨ ᠳᠠᠷᠠᠭᠠᠯᠠᠯ ᠳᠠᠭᠠᠨ ᠣᠷᠣᠭᠤᠯᠵᠤ᠂ ᠤᠳᠤᠷᠢᠳᠬᠤ ᠲᠣᠭᠲᠠᠴᠠ ᠪᠠᠨ ᠲᠡᠭᠦᠯᠳᠡᠷᠵᠢᠭᠦᠯᠤᠨ᠂ ᠠᠵᠢᠯ ᠤᠨ ᠵᠣᠬᠢᠴᠠᠭᠤᠯᠭ᠎ᠠ ᠪᠠᠨ ᠰᠠᠶᠢᠲᠤᠷ ᠠᠳᠬᠤᠵᠤ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ ᠦᠨᠳᠦᠰᠦᠨ ᠱᠠᠲᠤᠨ ᠤ ᠰᠠᠭᠤᠷᠢ ᠪᠠᠨ ᠪᠠᠬᠢᠵᠢᠭᠦᠯᠵᠦ᠂ ᠰᠠᠶᠢᠨ ᠰᠠᠶᠢᠬᠠᠨ ᠤᠷᠴᠢᠨ ᠢ ᠪᠤᠢ ᠪᠤᠯᠭᠠᠨ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠦᠢᠯᠡᠳᠦᠯ ᠢᠶᠠᠨ ᠨᠠᠩ ᠰᠠᠶᠢᠳᠦᠷ ᠪᠠᠳᠠᠷᠠᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ ᠭᠡᠵᠦ ᠱᠠᠭᠠᠷᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠵᠠᠢ᠃      ᠬᠤᠷᠠᠯ ᠠᠴᠠ ︽ᠨᠠᠮ ᠤᠨ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ︵ᠶᠠᠷᠢᠯᠴᠠᠬᠤ ᠨᠣᠣᠷᠠᠭ︶︾᠎ ᠢ ᠶᠠᠷᠢᠯᠴᠠᠪᠠ᠃ ᠬᠢᠩᠭᠠᠨ ᠠᠶᠢᠮᠠᠭ᠂ ᠪᠠᠶᠠᠨᠨᠠᠭᠤᠷ ᠬᠤᠲᠠ᠂ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠥᠯᠥᠨ ᠪᠤᠶᠢᠷ ᠬᠤᠲᠠ᠂ ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠬ ᠤᠨ ᠠᠵᠢᠯ ᠤᠨ ᠬᠤᠷᠢᠶᠠᠨ ᠤ ᠡᠷᠬᠢᠯᠡᠭᠴᠢ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号