ᠮᠠᠨᠵᠦᠦᠷ ᠪᠣᠭᠤᠮᠲᠠ ᠭᠠᠳᠠᠭᠠᠲᠦ ᠠᠴᠠ ᠣᠷᠤᠭᠤᠯᠤᠭᠰᠠᠨ 14 ᠪᠦᠯᠦᠭ ᠤᠳᠠᠭ᠎ᠠ ᠶᠢᠨ ᠬᠢᠷᠢ ᠲᠡᠩᠴᠡᠬᠦ ᠦᠭᠡᠢ ᠭᠤᠶᠤᠯᠠᠯ ᠤᠨ ᠡᠳ᠋ ᠢ ᠪᠤᠴᠠᠭᠠᠪᠠ
ᠨᠡᠶᠢᠲᠡᠯᠡᠭᠰᠡᠨ ᠴᠠᠭ᠄
2019/11/21
     ᠣᠶᠢᠷ᠎ᠠ ᠶᠢᠨ ᠡᠳᠦᠷ᠂ ᠮᠠᠨᠵᠦᠦᠷ ᠪᠣᠭᠤᠮᠲᠠ ᠬᠢᠯᠢ ᠠᠯᠤᠰᠯᠠᠭᠰᠠᠨ ᠡᠯᠧᠺᠲᠷᠣᠨ ᠠᠷᠡᠯᠵᠢᠶ᠎ᠠ ᠬᠤᠳᠠᠯᠲᠤᠭ᠎ᠠ ᠶᠢᠨ ᠬᠡᠯᠪᠡᠷᠢ ᠪᠠᠷ ᠭᠠᠳᠠᠭᠠᠲᠤ ᠠᠴᠠ ᠣᠷᠤᠭᠤᠯᠤᠭᠰᠠᠨ 14 ᠪᠦᠯᠦᠭ ᠤᠳᠠᠭ᠎ᠠ ᠶᠢᠨ ᠬᠢᠷᠢ ᠲᠡᠩᠴᠡᠬᠦ ᠦᠭᠡᠢ 0.273 ᠲᠣᠨ ᠬᠦᠨᠳᠦ ᠭᠤᠶᠤᠯᠠᠯ ᠤᠨ ᠡᠳ᠋ ᠢ ᠬᠠᠤᠯᠢ ᠶᠣᠰᠤᠭᠠᠷ ᠪᠣᠴᠠᠭᠠᠪᠠ᠃ ᠬᠢᠷᠢ ᠲᠡᠩᠴᠡᠭᠰᠡᠨ ᠦᠭᠡᠢ ᠰᠢᠯᠲᠠᠭᠠᠨ ᠨᠢ ᠱᠠᠭᠠᠷᠳᠠᠯᠭ᠎ᠠ ᠶᠣᠰᠤᠭᠠᠷ ᠵᠦᠪᠰᠢᠶᠡᠷᠡᠯ ᠤᠨ ᠪᠢᠴᠢᠭ ᠪᠠ ᠳᠠᠩᠰᠠᠯᠠᠭᠤᠯᠤᠭᠰᠠᠨ ᠭᠡᠷᠡᠴᠢ ᠶᠢ ᠬᠠᠨᠭ᠍ᠭᠠᠭᠰᠠᠨ ᠦᠭᠡᠢ ᠠᠴᠠ ᠪᠣᠯᠵᠠᠢ᠃ ᠬᠢᠷᠢ ᠲᠡᠩᠴᠡᠬᠦ ᠦᠭᠡᠢ ᠡᠳ᠋ ᠨᠢ ᠭᠤᠣᠯᠳᠠᠭᠤ ᠨᠢᠭᠤᠷ ᠤᠬᠢᠶᠠᠬᠤ ᠡᠳ᠋᠂ ᠭᠡᠵᠢᠭᠡ ᠬᠠᠮᠠᠭᠠᠯᠠᠬᠤ ᠡᠳ᠋᠂ ᠭᠡᠵᠢᠭᠡ ᠤᠬᠢᠶᠠᠬᠤ ᠡᠳ᠋ ᠵᠡᠷᠭᠡ ᠪᠣᠯᠤᠨ᠎ᠠ᠃     ᠬᠡᠷᠡᠭᠯᠡᠭᠴᠢᠳ ᠢ ᠵᠠᠬ᠎ᠠ ᠳᠡᠯᠭᠡᠭᠦᠷ ᠳᠡᠭᠡᠷ᠎ᠡ ᠠᠴᠠ ᠠᠮᠦᠷ ᠲᠦᠪᠰᠢᠨ ᠪᠦᠭᠡᠳ ᠠᠷᠢᠭᠤᠨ ᠴᠡᠪᠡᠷ ᠭᠠᠳᠠᠭᠠᠲᠤ ᠠᠴᠠ ᠣᠷᠤᠭᠤᠯᠤᠭᠰᠠᠨ ᠢᠳᠡᠭᠡᠨ ᠤ ᠵᠦᠢᠯ᠂ ᠭᠤᠶᠤᠯᠠᠯ ᠤᠨ ᠡᠳ᠋ ᠬᠤᠳᠠᠯᠲᠤᠨ ᠠᠪᠤᠭᠤᠯᠬᠤ ᠶᠢ ᠪᠠᠲᠤᠯᠠᠬᠤ ᠶᠢᠨ ᠲᠦᠯᠦᠭᠡ᠂ ᠮᠠᠨᠵᠦᠦᠷ ᠪᠣᠭᠤᠮᠲᠠ ᠨᠢ ᠣᠷᠤᠭᠤᠯᠬᠤ ᠵᠦᠪᠰᠢᠶᠡᠷᠡᠯ ᠣᠯᠤᠭᠰᠠᠨ ᠦᠭᠡᠢ ᠤᠯᠤᠰ ︵ᠭᠠᠵᠠᠷ ᠣᠷᠤᠨ︶᠎ ᠤᠨ ᠦᠢᠯᠡᠳᠬᠦᠨ ᠢ ᠣᠭᠲᠦ ᠣᠷᠣᠭᠤᠯᠬᠤ ᠦᠭᠡᠢ᠂ ᠳᠠᠩᠰᠠᠯᠠᠭᠤᠯᠬᠤ ᠴᠢᠬᠤᠯᠠ ᠲᠠᠢ ᠪᠠᠶᠢᠲᠠᠯ᠎ᠠ ᠳᠠᠩᠰᠠᠯᠠᠭᠤᠯᠤᠭᠰᠠᠨ ᠦᠭᠡᠢ ᠬᠢᠯᠢ ᠶᠢᠨ ᠭᠠᠳᠠᠨᠠᠬᠢ ᠦᠢᠯᠡᠳᠪᠦᠷᠢᠯᠡᠵᠦ ᠪᠣᠯᠪᠠᠰᠤᠷᠠᠭᠤᠯᠬᠤ ᠠᠵᠦ ᠠᠬᠤᠶᠢᠯᠠᠯ ᠤᠨ ᠦᠢᠯᠡᠳᠬᠦᠨ ᠢ ᠣᠭᠲᠦ ᠣᠷᠤᠭᠤᠯᠬᠤ ᠦᠭᠡᠢ ᠪᠠᠶᠢᠵᠦ᠂ ᠭᠤᠶᠤᠯᠠᠯ ᠤᠨ ᠡᠳ᠋ ᠣᠷᠤᠭᠤᠯᠬᠤ ᠡᠷᠡᠬᠦᠯ ᠬᠠᠮᠠᠭᠠᠯᠠᠯ ᠤᠨ ᠵᠦᠪᠰᠢᠶᠡᠷᠡᠯ ᠤᠨ ᠪᠢᠴᠢᠭ ᠪᠣᠶᠦ ᠳᠠᠩᠰᠠᠯᠠᠭᠤᠯᠤᠭᠰᠠᠨ ᠭᠡᠷᠡᠴᠢ ᠪᠠᠷᠢᠮᠲᠠ ᠣᠯᠤᠭᠠᠲᠤᠢ ᠭᠤᠶᠤᠯᠠᠯ ᠤᠨ ᠡᠳ᠋ ᠢ ᠣᠭᠲᠦ ᠣᠷᠣᠭᠤᠯᠬᠤ ᠦᠭᠡᠢ ᠪᠠᠶᠢᠬᠤ ᠶᠢ ᠪᠠᠷᠢᠮᠲᠠᠯᠠᠵᠦ᠂ ᠬᠢᠨᠠᠨ ᠬᠠᠮᠢᠶᠠᠷᠦᠯᠲᠠ ᠶᠢᠨ ᠬᠠᠷᠢᠭᠤᠴᠠᠯᠭ᠎ᠠ ᠪᠠᠨ ᠲᠤᠭᠤᠰᠢᠲᠠᠢ ᠨᠠᠶᠢᠲᠠᠪᠤᠷᠢᠵᠢᠭᠤᠯᠬᠤ ᠶᠢ ᠪᠠᠲᠤᠯᠠᠪᠠ᠃ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ︽ᠭᠠᠳᠠᠭᠠᠲᠦ ᠠᠴᠠ ᠣᠷᠤᠭᠤᠯᠬᠤ ᠢᠳᠡᠭᠡᠨ ᠤ ᠵᠦᠢᠯ᠂ ᠭᠤᠶᠤᠯᠠᠯ ᠤᠨ ᠡᠳ᠋ ᠤᠨ ᠠᠶᠦᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠵᠠᠷᠯᠠᠯ︾᠎ ᠳᠤ ᠵᠢᠭᠰᠠᠭᠠᠭᠳᠠᠭᠰᠠᠨ ᠠᠵᠦ ᠠᠬᠤᠶᠢᠯᠠᠯ ᠤᠨ ᠳᠠᠩᠰᠠ ᠪᠠᠷᠢᠮᠲᠠ ᠶᠢ ᠴᠢᠩᠭ᠎ᠠ ᠬᠢᠨᠡᠵᠦ᠂ ᠭᠠᠳᠠᠭᠠᠲᠦ ᠠᠴᠠ ᠣᠷᠤᠭᠤᠯᠬᠤ ᠬᠤᠳᠠᠯᠲᠤᠭᠠᠴᠢᠳ ᠲᠤ ᠵᠠᠷᠯᠠᠯ ᠤᠨ ᠱᠠᠭᠠᠷᠳᠠᠯᠭ᠎ᠠ ᠶᠣᠰᠤᠭᠠᠷ ᠬᠠᠮᠢᠶ᠎ᠠ ᠪᠦᠬᠦᠢ ᠪᠠᠶᠢᠴᠠᠭᠠᠯᠲᠠ ᠶᠢᠨ ᠮᠡᠳᠡᠭᠦᠯᠦᠯᠲᠡ ᠪᠠ ᠬᠢᠷᠢ ᠲᠡᠩᠴᠡᠭᠰᠡᠨ ᠭᠡᠷᠡᠴᠢ ᠮᠠᠲ᠋ᠧᠷᠢᠶᠠᠯ ᠢᠶᠠᠨ ᠬᠠᠨᠭ᠍ᠭᠠᠬᠤ ᠶᠢ ᠱᠠᠭᠠᠷᠳᠠᠪᠠ᠃ ᠡᠨᠡ ᠵᠢᠯ ᠠᠴᠠ ᠨᠠᠭᠠᠰᠢ᠂ ᠮᠠᠨᠵᠦᠦᠷ ᠪᠣᠭᠤᠮᠲᠠ ᠭᠠᠳᠠᠭᠠᠲᠤ ᠠᠴᠠ ᠣᠷᠤᠭᠤᠯᠤᠭᠰᠠᠨ ᠬᠢᠷᠢ ᠲᠡᠩᠴᠡᠬᠦ ᠦᠭᠡᠢ ᠭᠤᠶᠤᠯᠠᠯ ᠤᠨ ᠡᠳ᠋ ᠢ ᠨᠡᠶᠢᠲᠡ 28 ᠪᠦᠯᠦᠭ ᠤᠳᠠᠭ᠎ᠠ 106.9 ᠲᠣᠨ ᠪᠤᠴᠠᠭᠠᠭᠰᠠᠨ ᠪᠣᠶᠦ ᠰᠢᠲᠠᠭᠠᠵᠦ ᠰᠢᠢᠳᠪᠦᠷᠢᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号