ᠠᠯᠠᠱᠠ ᠠᠶᠢᠮᠠᠭ ᠡᠨᠡ ᠵᠢᠯ ᠰᠢᠨ᠎ᠡ ᠪᠠᠷ 188.3 ᠲᠦᠮᠡᠨ ᠮᠤ᠋ ᠤᠶᠢᠵᠢᠭᠤᠯᠪᠠ
ᠨᠡᠶᠢᠲᠡᠯᠡᠭᠰᠡᠨ ᠴᠠᠭ᠄
2019/11/21
    ᠡᠨᠡ ᠵᠢᠯ᠂ ᠠᠯᠠᠱᠠ ᠠᠶᠢᠮᠠᠭ ᠨᠡᠶᠢᠲᠡ ᠰᠢᠨ᠎ᠡ ᠪᠠᠷ 188.3 ᠲᠦᠮᠡᠨ ᠮᠤ᠋ ᠤᠶᠢᠵᠢᠭᠤᠯᠵᠤ᠂ ᠲᠦᠯᠦᠪᠯᠡᠭᠰᠡᠨ ᠡᠭᠦᠷᠭᠡ ᠪᠠᠨ 188.3%᠎ ᠪᠠᠷ ᠪᠡᠶᠡᠯᠡᠭᠦᠯᠪᠡ᠃    ᠤᠷᠴᠢᠮ ᠤᠨ ᠵᠢᠯ ᠳᠤ᠂ ᠲᠤᠰ ᠠᠶᠢᠮᠠᠭ ᠨᠢ ᠪᠠᠶᠢᠭᠠᠯᠢᠯᠢᠭ ᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠭᠤᠷᠪᠠᠨ ᠤᠮᠠᠷᠠᠲᠤ ᠶᠢᠨ ᠬᠠᠯᠬᠠᠪᠴᠢ ᠤᠢ ᠶᠢ ᠬᠠᠮᠠᠭᠠᠯᠠᠬᠤ᠂ ᠲᠠᠷᠢᠶᠠᠯᠠᠬᠤ ᠪᠠᠨ ᠵᠤᠭᠰᠤᠭᠠᠵᠤ ᠤᠢ ᠮᠤᠳᠤ ᠡᠪᠡᠰᠦ ᠪᠡᠯᠴᠢᠭᠡᠷ ᠎ ᠢ ᠰᠡᠷᠭᠦᠭᠡᠬᠦ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠪᠦᠲᠦᠭᠡᠨ ᠪᠠᠶᠢᠭᠤᠯᠬᠤ᠂ ᠤᠯᠤᠰ ᠤᠷᠤᠨ ᠤ ᠡᠯᠡᠰᠦᠷᠬᠡᠭᠵᠢᠯ ᠤᠨ ᠭᠠᠵᠠᠷ ᠰᠢᠷᠤᠢ ᠶᠢ ᠪᠢᠲᠡᠭᠦᠮᠵᠢᠯᠡᠨ ᠬᠠᠮᠠᠭᠠᠯᠠᠬᠤ ᠤᠷᠤᠨ ᠢ ᠪᠦᠲᠦᠭᠡᠨ ᠪᠠᠶᠢᠭᠤᠯᠬᠤ᠂ ᠡᠯᠡᠰᠦ ᠶᠢ ᠬᠤᠷᠢᠭᠯᠠᠨ ᠵᠠᠰᠠᠬᠤ ᠵᠢᠱᠢᠶ᠎ᠡ ᠦᠵᠡᠭᠦᠯᠬᠦ ᠤᠷᠤᠨ ᠢ ᠪᠦᠲᠦᠭᠡᠨ ᠪᠠᠶᠢᠭᠤᠯᠬᠤ ᠵᠡᠷᠭᠡ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠳᠤ ᠲᠦᠰᠢᠭᠯᠡᠨ ᠂ ᠨᠡᠶᠢᠬᠡᠮ ᠨᠡᠶᠢᠲᠡ ᠶᠢᠨ ᠠᠰᠠᠷᠠᠮᠵᠢ ᠪᠠᠷ ᠤᠶᠢᠵᠢᠭᠤᠯᠬᠤ ᠲᠦᠷᠦᠯ ᠵᠦᠢᠯ ᠢᠶᠠᠷ ᠨᠦᠬᠦᠪᠦᠷᠢ ᠪᠤᠯᠭᠠᠵᠤ᠂ ᠡᠯᠡᠰᠦ ᠴᠦᠯᠡᠷᠭᠡᠭᠵᠢᠯ ᠢ ᠬᠤᠷᠢᠭᠯᠠᠨ ᠵᠠᠰᠠᠬᠤ᠂ ᠤᠯᠤᠰ ᠤᠨ ᠭᠠᠵᠠᠷ ᠨᠤᠲᠤᠭ ᠢ ᠨᠤᠭᠤᠭᠠᠷᠠᠭᠤᠯᠬᠤ ᠪᠠ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠡᠷᠴᠢᠮ ᠲᠠᠢ ᠪᠠᠷ ᠠᠬᠢᠭᠤᠯᠪᠠ᠃ ᠤᠷᠲᠤ ᠬᠤᠭᠤᠴᠠᠭᠠᠨ ᠤ ᠲᠤᠷᠰᠢ ᠰᠠᠯᠬᠢ ᠡᠯᠡᠰᠦ ᠲᠠᠢ ᠲᠡᠮᠡᠴᠡᠬᠦ ᠳᠤᠮᠳᠠ ᠨᠢᠰᠬᠡᠯ ᠢᠶᠠᠷ ᠲᠠᠷᠢᠵᠤ ᠤᠶᠢᠵᠢᠭᠤᠯᠬᠤ᠂ ᠪᠢᠲᠡᠭᠦᠮᠵᠢᠯᠡᠨ ᠤᠶᠢᠵᠢᠭᠤᠯᠬᠤ᠂ ᠬᠦᠮᠦᠨ ᠤ ᠬᠦᠴᠦ ᠪᠠᠷ ᠤᠶᠢᠵᠢᠭᠤᠯᠬᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠡᠯᠡᠰᠦ ᠶᠢ ᠬᠤᠷᠢᠭᠯᠠᠨ ᠵᠠᠰᠠᠬᠤ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ  ᠬᠡᠪ ᠪᠠᠶᠢᠳᠠᠯ ᠠᠭᠠᠵᠢᠮ ᠢᠶᠠᠷ ᠪᠤᠢ ᠪᠤᠯᠤᠭᠰᠠᠨ ᠪᠠᠶᠢᠨ᠎ᠠ᠃ ᠦᠨᠦ ᠪᠤᠯᠬᠤ ᠳᠤ᠂ ᠪᠦᠬᠦ ᠠᠶᠢᠮᠠᠭ ᠢᠶᠠᠷ ᠢᠶᠠᠨ ᠠᠮᠢ ᠠᠬᠤᠢ ᠶᠢᠨ ᠵᠠᠰᠠᠯᠲᠠ ᠶᠢᠨ ᠡᠭᠦᠷᠭᠡ ᠶᠢ ᠨᠡᠶᠢᠲᠡ 4422.99 ᠲᠦᠮᠡᠨ ᠮᠤ᠋ ᠪᠡᠶᠡᠯᠡᠭᠦᠯᠵᠦ᠂ ᠪᠦᠬᠦ ᠠᠷᠠᠳ 2078.9 ᠲᠦᠮᠡᠨ ᠰᠠᠭᠤᠷᠢ ᠠᠯᠪᠠᠨ ᠵᠢᠷᠤᠮ ᠤᠨ ᠮᠤᠳᠤ ᠵᠠᠶᠢᠯᠠᠨ᠂ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠲᠠ ᠶᠢ 74.65 ᠲᠦᠮᠡᠨ ᠮᠤ᠋ ᠪᠡᠶᠡᠯᠡᠭᠦᠯᠪᠡ᠃ ᠪᠦᠬᠦ ᠠᠶᠢᠮᠠᠭ ᠤᠨ ᠠᠮᠢ ᠠᠬᠤᠢ ᠶᠢᠨ ᠵᠠᠰᠠᠯᠲᠠ ᠨᠢ ᠦᠩᠭᠡᠷᠡᠭᠰᠡᠨ ᠳᠤ ᠵᠢᠯ ᠪᠦᠷᠢ ᠲᠦᠮᠡᠨ ᠮᠤ᠋ ᠬᠦᠷᠬᠦ ᠦᠭᠡᠢ ᠪᠠᠶᠢᠭᠰᠠᠨ ᠠᠴᠠ ᠪᠠᠨ ᠤᠳᠤ ᠵᠠᠭᠤᠨ ᠲᠦᠮᠡᠨ ᠮᠤ᠋ ᠠᠴᠠ ᠳᠡᠭᠡᠭᠰᠢ ᠪᠤᠯᠵᠤ᠂ ᠵᠠᠯᠭᠠᠭᠠᠳ 6 ᠵᠢᠯ ᠳᠤ ᠵᠢᠯ ᠪᠦᠷᠢ ᠠᠮᠢ ᠠᠬᠤᠢ ᠶᠢᠨ ᠵᠠᠰᠠᠯᠲᠠ ᠶᠢᠨ ᠲᠠᠯᠠᠪᠠᠢ ᠵᠠᠭᠤᠨ ᠲᠦᠮᠡ ᠮᠤ᠋ ᠶᠢ ᠳᠠᠪᠠᠵᠤ᠂ ᠡᠯᠡᠰᠦ ᠶᠢ ᠬᠤᠷᠢᠭᠯᠠᠨ ᠵᠠᠰᠠᠬᠤ ᠪᠠ ᠠᠮᠢ ᠠᠬᠤᠢ ᠶᠢᠨ ᠵᠠᠰᠠᠯᠲᠠ ᠶᠢᠨ ᠠᠵᠢᠯ ᠨᠢ ᠦᠪᠡᠷᠲᠡᠭᠡᠨ ᠵᠠᠰᠠᠬᠤ ᠤᠷᠤᠨ ᠳᠤ ᠤᠷᠤᠶᠢᠯᠠᠵᠠᠢ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号