ᠪᠤᠭᠤᠲᠤ ᠬᠤᠲᠠ ᠬᠤᠲᠠ ᠶᠢᠨ ᠭᠤᠤᠯ ᠲᠤᠭᠤᠷᠢᠭ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠬᠠᠮᠢᠶᠠᠷᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2019/11/22
     11 ᠳ᠋ᠦ᠋ᠭᠡᠷ ᠰᠠᠷ᠎ᠠ ᠶᠢᠨ 20᠎ ᠤ ᠡᠳᠦᠷ᠂ ᠪᠤᠭᠤᠲᠤ ᠬᠤᠲᠠ ᠬᠤᠲᠠ ᠶᠢᠨ ᠭᠤᠤᠯ ᠲᠤᠭᠤᠷᠢᠭ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠬᠠᠮᠢᠶᠠᠷᠬᠤ ᠡᠬᠢᠯᠡᠯᠲᠡ ᠶᠢᠨ ᠶᠤᠰᠤᠯᠠᠯ ᠢ ᠶᠠᠪᠤᠭᠤᠯᠪᠠ᠃ ᠪᠤᠭᠤᠲᠤ ᠬᠤᠲᠠ ᠬᠤᠲᠠ ᠶᠢᠨ ᠭᠤᠤᠯ ᠲᠤᠭᠤᠷᠢᠭ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠦᠷᠨᠢᠭᠦᠯᠬᠦ ᠶᠢᠨ ᠶᠡᠷᠦᠩᠬᠡᠢ ᠬᠠᠷᠠᠯᠲᠠ ᠪᠤᠯ ᠬᠤᠤᠷᠲᠠᠢ ᠬᠤᠭ ᠨᠤᠪᠰᠢ᠂ ᠪᠤᠴᠠᠭᠠᠨ ᠬᠤᠷᠢᠶᠠᠵᠤ ᠪᠤᠯᠬᠤ ᠪᠤᠳᠠᠰ᠂ ᠨᠤᠶᠢᠲᠡᠨ ᠬᠤᠭ ᠨᠤᠪᠰᠢ ︵ᠲᠤᠬᠠᠶᠢᠯᠠᠪᠠᠯ ᠬᠤᠭᠤᠯᠠᠨ ᠭᠡᠷ᠂ ᠲᠤᠭᠤᠭᠠᠨ ᠭᠡᠷ ᠤᠨ ᠬᠠᠶᠠᠭᠳᠠᠮᠠᠯ ᠵᠡᠷᠭᠡ ᠠᠮᠠᠷᠬᠠᠨ ᠦᠮᠦᠬᠢᠷᠡᠬᠦ ᠬᠤᠭ ᠨᠤᠪᠰᠢ︶᠂ ᠬᠠᠭᠤᠷᠠᠢ ᠬᠤᠭ ᠨᠤᠪᠰᠢ ︵ᠲᠤᠬᠠᠶᠢᠯᠠᠪᠠᠯ ᠪᠤᠰᠤᠳ ᠬᠤᠭ ᠨᠤᠪᠰᠢ︶᠎ ᠪᠠᠷ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠦᠨᠳᠦᠰᠦᠨ ᠲᠦᠷᠦᠯ ᠢᠯᠭᠠᠯ ᠪᠤᠯᠭᠠᠵᠤ᠂ 2022 ᠤᠨ ᠤ ᠡᠴᠤᠰ ᠪᠤᠯᠬᠤ ᠳᠤ᠂ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠬᠠᠤᠯᠢ ᠲᠤᠭᠲᠠᠭᠠᠯ ᠤᠨ ᠰᠢᠰᠲ᠋ᠧᠮᠵᠢ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ᠂ ᠪᠡᠷᠢᠮᠵᠢᠶ᠎ᠠ ᠶᠢᠨ ᠰᠢᠰᠲ᠋ᠧᠮᠵᠢ᠂ ᠪᠡᠯᠡᠳᠭᠡᠮᠵᠢ ᠶᠢᠨ ᠰᠢᠰᠲ᠋ᠧᠮᠵᠢ ᠪᠠ ᠠᠵᠢᠯ ᠤᠨ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠬᠠᠤᠯᠢ ᠪᠠᠷ ᠵᠠᠰᠠᠬᠤ ᠪᠠᠷ ᠰᠠᠭᠤᠷᠢ ᠪᠤᠯᠭᠠᠭᠰᠠᠨ᠂ ᠵᠠᠰᠠᠭ ᠤᠨ ᠤᠷᠳᠦᠨ ᠲᠦᠯᠬᠢᠨ ᠠᠬᠢᠭᠤᠯᠤᠭᠰᠠᠨ᠂ ᠪᠦᠬᠦ ᠠᠷᠠᠳ ᠤᠷᠤᠯᠴᠠᠭᠰᠠᠨ᠂ ᠬᠤᠲᠠ ᠬᠦᠳᠡᠭᠡ ᠶᠢᠨ ᠬᠢ ᠶᠢ ᠨᠢᠭᠡᠲᠦᠯᠲᠡᠢ ᠲᠦᠯᠦᠪᠵᠢᠭᠦᠯᠦᠭᠰᠡᠨ᠂ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠤᠬᠢᠷᠠᠭᠤᠯᠤᠭᠰᠠᠨ ᠬᠤᠭ ᠨᠤᠪᠰᠢ ᠶᠢ ᠲᠦᠷᠦᠯ ᠬᠤᠪᠢᠶᠠᠬᠤ ᠳᠦᠷᠢᠮ ᠢ ᠪᠦᠷᠢᠯᠳᠦᠭᠦᠯᠦᠨ᠎ᠡ᠃ ᠬᠤᠭ ᠨᠤᠪᠰᠢ ᠶᠢ ᠲᠦᠷᠦᠯ ᠬᠤᠪᠢᠶᠠᠬᠤ ᠪᠠᠷ ᠳᠠᠮᠵᠢᠭᠤᠯᠤᠨ ᠪᠤᠯᠪᠠᠰᠤᠨ ᠪᠤᠭᠤᠲᠤ᠂ ᠠᠮᠢ ᠠᠬᠤᠢ ᠶᠢᠨ ᠪᠤᠭᠤᠲᠤ᠂ ᠪᠤᠬᠢᠷᠲᠤᠯ ᠦᠭᠡᠢ ᠪᠤᠭᠤᠲᠤ ᠶᠢᠨ ᠪᠦᠲᠦᠭᠡᠨ ᠪᠠᠶᠢᠭᠤᠯᠤᠯᠲᠠ ᠪᠠ ᠬᠦᠭᠵᠢᠯᠲᠡ ᠶᠢ ᠠᠬᠢᠭᠤᠯᠵᠤ᠂ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠶᠢ ᠲᠦᠷᠭᠡᠳᠬᠡᠨ᠂ ᠬᠤᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号