ᠤᠷᠳᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠠᠷᠠᠳ ᠲᠤ ᠳᠦᠭᠦᠮ ᠠᠵᠤ ᠠᠬᠤᠶᠢᠯᠠᠯ ᠳᠤ ᠠᠰᠢᠭᠲᠠᠢ ᠦᠢᠯᠡᠴᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2019/11/22
     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠨᠢ ᠠᠷᠠᠳ ᠲᠤ ᠳᠦᠭᠦᠮ ᠦᠵᠡᠭᠦᠯᠬᠦ ᠬᠠᠪᠰᠤᠷᠤᠨ ᠭᠦᠢᠴᠡᠳᠬᠡᠬᠦ ᠪᠠ ᠤᠷᠤᠯᠠᠨ ᠭᠦᠢᠴᠡᠳᠬᠡᠬᠦ ᠴᠤᠩᠬᠤᠪᠴᠢ ᠶᠢ ᠨᠡᠭᠡᠭᠡᠵᠦ᠂ ᠰᠠᠯᠠᠭ᠎ᠠ ᠮᠦᠴᠢᠷ ᠤᠨ ᠨᠠᠶᠢᠲᠠᠵᠤ ᠭᠦᠢᠴᠡᠳᠬᠡᠯᠭᠡᠬᠦ ᠲᠤᠬᠠᠶᠢᠯᠠᠭᠰᠠᠨ ᠠᠵᠢᠯ ᠢ ᠡᠭᠦᠷᠭᠡᠯᠡᠨ᠂ ᠵᠠᠰᠠᠭ ᠤᠨ ᠶᠠᠪᠤᠳᠠᠯ ᠤᠨ ᠲᠤᠰᠬᠠᠢ ᠢᠯᠡᠭᠡᠮᠵᠢ ᠶᠢ ᠦᠨ᠎ᠡ ᠲᠦᠯᠦᠪᠦᠷᠢ ᠦᠭᠡᠢ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ ᠶᠢ ᠬᠠᠩᠭᠠᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠲᠦᠷᠦᠯ ᠵᠦᠢᠯ ᠪᠠ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠳᠤ ︽ᠰᠢᠯᠤᠭᠤᠨ ᠵᠠᠮ︾ ᠨᠡᠭᠡᠭᠡᠨ ᠦᠭᠴᠦ᠂ ᠪᠦᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠪᠠ ᠤᠷᠤᠯᠠᠨ ᠭᠦᠢᠴᠡᠳᠬᠡᠬᠦ ᠦᠢᠯᠡᠴᠢᠯᠡᠭᠡ ᠶᠢ ᠬᠠᠩᠭᠠᠪᠠ᠃ ᠵᠦᠷᠢᠶ᠎ᠡ ᠦᠭᠡᠢ ᠴᠢᠮᠡᠭᠡ ᠦᠭᠡᠢ ᠪᠠᠷ ᠨᠤᠮᠧᠷ ᠳᠠᠭᠤᠳᠠᠬᠤ᠂  ᠯᠠᠪᠯᠠᠭ᠎ᠠ ᠶᠢ ᠬᠦᠲᠦᠯᠦᠨ ᠵᠢᠯᠤᠭᠤᠳᠬᠤ᠂ ᠬᠠᠪᠰᠤᠷᠤᠨ ᠭᠦᠢᠴᠡᠳᠬᠡᠬᠦ ᠪᠠ ᠳᠠᠭᠠᠭᠤᠯᠤᠨ ᠭᠦᠢᠴᠡᠳᠬᠡᠬᠦ᠂ ᠪᠤᠯᠵᠤᠨ ᠭᠦᠢᠴᠡᠳᠬᠡᠬᠦ᠂  ᠴᠠᠭ ᠢᠶᠠᠨ ᠤᠷᠲᠤᠳᠬᠠᠨ ᠭᠦᠢᠴᠡᠳᠬᠡᠬᠦ᠂ ᠦᠨ᠎ᠡ ᠲᠦᠯᠦᠪᠦᠷᠢ ᠦᠭᠡᠢ ᠪᠠᠷ ᠳᠠᠷᠤᠮᠠᠯᠯᠠᠬᠤ ᠪᠠᠭᠤᠯᠭᠠᠬᠤ ᠰᠢᠷᠪᠢᠭᠦᠯᠳᠡᠬᠦ ᠵᠡᠷᠭᠡ ᠤᠯᠠᠨ ᠲᠦᠷᠦᠯ ᠤᠨ ᠦᠢᠯᠡᠴᠢᠯᠡᠭᠡ ᠶᠢ ᠳᠡᠯᠭᠡᠷᠡᠭᠦᠯᠵᠦ᠂ ᠠᠵᠤ ᠠᠬᠤᠶᠢᠯᠠᠯ ᠪᠠ ᠠᠷᠠᠳ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢᠨ ᠦᠪᠡᠷ ᠤᠨ ᠦᠷᠲᠡᠭ ᠪᠠ ᠴᠠᠭ ᠢ ᠪᠦᠲᠦᠮᠵᠢᠲᠠᠢ ᠪᠠᠷ ᠠᠷᠪᠢᠯᠠᠪᠠ᠃ ︽ᠨᠢᠭᠡ ᠯᠠ ᠤᠳᠠᠭ᠎ᠠ ᠳᠡᠭᠡᠷ᠎ᠡ ᠮᠡᠳᠡᠭᠳᠡᠬᠦ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠡᠷᠭᠡᠵᠢᠯ ᠤᠨ ᠲᠤᠭᠤᠷᠢᠭ ᠨᠢ ᠯᠠᠪᠯᠠᠨ ᠠᠰᠠᠭᠤᠬᠤ ᠲᠠᠭᠠᠭᠤᠯᠤᠭᠴᠢ ᠶᠢ ᠰᠤᠩᠭᠤᠨ ᠲᠤᠮᠢᠯᠠᠵᠤ ᠲᠤᠰ ᠲᠤᠭᠤᠷᠢᠭ ᠲᠤ ᠠᠵᠢᠯ ᠶᠠᠪᠤᠳᠠᠯ ᠭᠦᠢᠴᠡᠳᠭᠡᠬᠦ ᠬᠦᠮᠦᠰ ᠲᠤ ᠯᠠᠪᠯᠠᠨ ᠠᠰᠠᠭᠤᠬᠤ᠂ ᠨᠤᠮᠧᠷ ᠳᠠᠭᠤᠳᠠᠬᠤ᠂ ᠬᠦᠲᠦᠯᠦᠨ ᠳᠠᠭᠠᠭᠤᠯᠬᠤ᠂ ᠬᠦᠰᠦᠨᠦᠭ ᠲᠠᠭᠯᠠᠬᠤ ᠵᠡᠷᠭᠡ ᠨᠠᠷᠢᠨ ᠨᠢᠮᠪᠠᠢ ᠦᠨᠳᠦᠷ ᠪᠦᠲᠦᠮᠵᠢᠲᠦ ᠦᠢᠯᠡᠴᠢᠯᠡᠭᠡ ᠬᠠᠩᠭᠠᠵᠠᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠶᠢᠷᠠᠭᠤᠯᠤᠨ ᠵᠤᠬᠢᠶᠠᠭᠰᠠᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠯᠠᠪᠯᠠᠭ᠎ᠠ ᠶᠢ ᠬᠦᠲᠦᠯᠦᠨ ᠳᠠᠭᠠᠭᠤᠯᠤᠭᠴᠢ ᠶᠢᠨ ᠵᠢᠷᠦᠮᠵᠢᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠵᠢᠷᠤᠮᠵᠢᠯ︾ ᠬᠤᠶᠠᠷ ᠲᠦᠷᠦᠯ ᠤᠨ ᠦᠪᠡᠷᠲᠡᠭᠡᠨ ᠵᠠᠰᠠᠬᠤ ᠤᠷᠤᠨ ᠤ ᠳᠡᠰ ᠤᠨ ᠤᠷᠤᠨ ᠨᠤᠲᠤᠭ ᠤᠨ ᠪᠠᠷᠢᠮᠵᠢᠶ᠎ᠠ ᠨᠢ ᠦᠪᠡᠷᠲᠡᠭᠡᠨ ᠵᠠᠰᠠᠬᠤ ᠤᠷᠤᠨ ᠳᠤ ᠬᠢᠨᠠᠨ ᠪᠠᠲᠤᠯᠠᠭᠳᠠᠪᠠ᠃ ︽ᠦᠢᠯᠡᠴᠢᠯᠡᠭᠡᠨ ᠤ ᠤᠷᠴᠢᠨ ᠨᠦᠬᠦᠴᠡᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠳᠦᠷᠢ ᠳᠦᠷᠬᠦ ᠶᠢ ᠪᠤᠢ ᠪᠤᠯᠭᠠᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠᠷ ᠭᠤᠤᠯ ᠰᠡᠳᠦᠪᠲᠤ ᠪᠣᠯᠭᠠᠭᠰᠠᠨ ᠠᠵᠢᠯᠯᠠᠭ᠎ᠠ ᠶᠢ 3 ᠰᠠᠷ᠎ᠠ ᠶᠢᠨ ᠬᠤᠭᠤᠴᠠᠭ᠎ᠠ ᠲᠠᠢ ᠦᠷᠨᠢᠭᠦᠯᠦᠨ᠂ ᠵᠠᠰᠠᠭ ᠤᠨ ᠶᠠᠪᠤᠳᠠᠯ ᠤᠨ ᠶᠤᠰᠤᠯᠠᠯ ᠪᠠ ᠲᠤᠬᠠᠶᠢᠯᠠᠭᠰᠠᠨ‌ᠠᠵᠢᠯ ᠤᠨ ᠴᠢᠳᠠᠪᠤᠷᠢ ᠶᠢᠨ ᠪᠤᠯᠪᠠᠰᠤᠷᠠᠭᠤᠯᠤᠯ ᠢ 3 ᠱᠠᠲᠤ ᠬᠤᠪᠢᠶᠠᠵᠤ᠂ 24 ᠪᠦᠯᠦᠭ ᠤᠳᠠᠭ᠎ᠠ ᠡᠷᠬᠢᠯᠡᠵᠦ᠂ ᠬᠤᠲᠠ ᠶᠢᠨ ᠲᠤᠰ ᠱᠠᠲᠤ᠂ ᠡᠵᠡᠨ ᠬᠤᠷᠤᠭ᠎ᠠ ᠬᠤᠰᠢᠭᠤ᠂ ᠬᠢᠶ᠎ᠠ ᠪᠠᠭᠰᠢ ᠶᠢᠨ ᠲᠤᠭᠤᠷᠢᠭ ᠲᠤ ᠤᠷᠤᠵᠤ ᠰᠠᠭᠤᠬᠤ ᠠᠵᠢᠯᠲᠠᠳ ᠎ ᠲᠤ ᠴᠦᠮ ᠪᠠᠷᠢᠮᠵᠢᠶᠠᠵᠢᠭᠤᠯᠤᠯᠲᠠ ᠶᠢᠨ ᠪᠤᠯᠪᠠᠰᠤᠷᠠᠭᠤᠯᠤᠯ ᠬᠢᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号