| | | 11 ᠰᠠᠷ᠎ᠠ ᠶᠢᠨ 24 ᠠᠴᠠ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠱᠢ ᠲᠠᠢ ᠹᠧᠩ ᠤᠯᠠᠭᠠᠨᠴᠠᠪ ᠬᠤᠲᠠ ᠳᠤ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ︽ᠤᠭ ᠰᠠᠨᠠᠭ᠎ᠠ ᠪᠠᠨ | ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠠᠬᠢᠭᠤᠯᠪᠠ᠃ | ᠳᠥᠷᠪᠡᠳ ᠬᠤᠰᠢᠭᠤ ᠪᠣᠯ ᠱᠢ ᠲᠠᠢ ᠹᠧᠩ ᠤᠨ ᠶᠠᠳᠠᠭᠤ ᠶᠢ ᠲᠡᠳᠬᠦᠬᠦ ᠬᠠᠷᠢᠯᠴᠠᠬᠤ ᠴᠡᠭ ᠪᠣᠯᠤᠨ᠎ᠠ᠃ ᠲᠡᠷᠡ | ᠵᠡᠭᠦᠨ ᠨᠠᠢᠮᠠᠳᠤᠭᠠᠷ ᠰᠢᠶᠠᠩ ᠤᠨ ᠶᠠᠳᠠᠭᠤ ᠬᠦᠴᠢᠷᠳᠡᠯᠲᠡᠶ ᠡᠷᠦᠬᠡ ᠯᠢᠦ ᠾᠧ ᠼᠠᠢ ᠶᠢᠨ ᠳᠤ ᠬᠦᠷᠴᠦ᠂ ᠶᠠᠳᠠᠭᠤ | ᠬᠦᠴᠢᠷᠳᠡᠯᠲᠡᠶ ᠣᠯᠠᠨ ᠲᠦᠮᠡᠨ ᠲᠠᠢ ᠰᠡᠳᠬᠢᠯ ᠤᠨ ᠦᠭᠡ ᠪᠠᠨ ᠶᠠᠷᠢᠯᠴᠠᠨ᠂ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠲᠡᠳᠡᠨ ᠤ ᠢᠲᠡᠭᠡᠯ ᠵᠣᠷᠢᠭ ᠢᠶᠠᠨ ᠪᠠᠲᠤᠳᠬᠠᠨ ᠴᠥᠬᠦᠷᠡᠰᠢ ᠦᠭᠡᠢ | ᠲᠡᠮᠡᠴᠡᠵᠤ᠂ ᠨᠠᠮ ᠪᠣᠯᠤᠨ ᠵᠠᠰᠠᠭ ᠤᠨ ᠣᠷᠳᠣᠨ ᠤ ᠬᠠᠪᠰᠤᠷᠤᠯᠭ᠎ᠠ ᠳᠣᠤᠷ᠎ᠠ ᠠᠮᠢᠳᠤᠷᠠᠯ ᠢᠶᠠᠨ ᠤᠯᠠᠮ | ᠰᠠᠶᠢᠵᠢᠷᠠᠭᠤᠯᠬᠤ ᠪᠤᠯᠳᠤᠭᠠᠢ ᠭᠡᠵᠤ ᠵᠤᠷᠢᠬᠵᠢᠭᠤᠯᠪᠠ᠃ ᠲᠡᠷᠡ ᠲᠤᠬᠠᠶ ᠶᠢᠨ ᠭᠠᠵᠠᠷ ᠤᠨ ᠺᠠᠳ᠋ᠷᠴᠤᠳ ᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠤᠶᠠᠯᠳᠤᠭᠤᠯᠵᠤ᠂ ᠠᠵᠢᠯ ᠢᠶᠠᠨ ᠨᠠᠷᠢᠯᠢᠭ ᠪᠠᠲᠤᠲᠠᠶ ᠬᠢᠵᠦ᠂ ᠣᠯᠠᠨ ᠲᠦᠮᠡᠨ ᠢ ᠲᠣᠭᠲᠠᠭᠤᠨ | ᠢᠶᠠᠷ ᠶᠠᠳᠠᠭᠤ ᠠᠴᠠ ᠠᠩᠭᠢᠵᠢᠷᠠᠭᠤᠯᠤᠨ᠂ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ ᠭᠡᠵᠦ ᠵᠠᠬᠢᠪᠠ᠃ | ᠵᠦᠩ ᠵᠢᠶᠠ ᠺᠣᠮᠫᠠᠨᠢ ᠪᠣᠯᠤᠨ ᠰᠠᠢ ᠨᠦᠸᠧ ᠺᠣᠮᠫᠠᠨᠢ ᠳᠤ᠂ ᠱᠢ ᠲᠠᠢ ᠹᠧᠩ ᠠᠵᠤ ᠦᠢᠯᠡᠰ ᠢᠶᠠᠷ ᠶᠠᠳᠠᠭᠤ ᠶᠢ | ᠲᠡᠳᠬᠦᠵᠥ ᠪᠠᠶᠢᠭ᠎ᠠ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ | ᠭᠤᠤᠯᠳᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭ᠎ᠠ ᠠᠳᠬᠤᠵᠤ᠂ | ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ ᠲᠡᠮᠳᠡᠭ ᠴᠤᠭᠴᠠᠯᠠᠬᠤ ᠳᠡᠭᠡᠷ᠎ᠡ ᠬᠦᠴᠦ ᠲᠠᠯᠪᠢᠵᠤ᠂ ᠠᠵᠤ ᠦᠢᠯᠡᠰ ᠤᠨ | ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠤᠨ᠂ ᠣᠯᠠᠨ ᠲᠦᠮᠡᠨ ᠤ ᠶᠠᠳᠠᠭᠤ ᠠᠴᠠ ᠠᠩᠭᠢᠵᠢᠷᠠᠵᠤ ᠪᠠᠶᠠᠵᠢᠨ | ᠴᠢᠨᠡᠭᠡᠯᠢᠭᠵᠢᠬᠦ ᠶᠢ ᠨᠠᠩ ᠰᠠᠶᠢᠲᠤᠷ ᠳᠠᠶᠢᠴᠢᠯᠠᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠳᠠᠷᠠᠭ᠎ᠠ ᠳᠤᠨᠢ᠂ ᠱᠢ ᠲᠠᠢ ᠹᠧᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠳᠥᠷᠪᠡᠳ ᠬᠤᠰᠢᠭᠤ | ᠪᠣᠯᠤᠨ ᠥᠪᠡᠷᠲᠡᠭᠡᠨ ᠵᠠᠰᠠᠬᠤ ᠣᠷᠣᠨ ᠠᠴᠠ ᠲᠣᠮᠢᠯᠠᠨ ᠰᠠᠭᠤᠯᠭᠠᠭᠰᠠᠨ ᠶᠡᠷᠦᠩᠬᠡᠶ ᠠᠩᠭᠢ ᠶᠢᠨ ᠬᠢᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠬᠠᠷᠢᠭᠤ ᠮᠡᠳᠡᠬᠦᠯᠦᠯᠳᠡ ᠶᠢ ᠰᠣᠨᠣᠰᠪᠠ᠃ | ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠢᠯᠠᠯᠲᠠ ᠣᠯᠬᠤ | ᠵᠠᠩᠭᠢᠯᠠᠭ᠎ᠠ ᠶᠢᠨ ᠴᠠᠭ ᠮᠥᠴᠡ ᠳᠤ ᠤᠷᠤᠵᠤ᠂ ᠡᠷᠬᠡᠪᠰᠢ ᠪᠣᠭᠤᠮᠲᠠ ᠰᠢᠪᠲᠤᠯᠬᠤ ᠡᠷᠴᠢ ᠵᠣᠷᠢᠭ ᠢᠶᠠᠨ ᠪᠠᠲᠤᠯᠠᠨ᠂ | ᠨᠢᠭᠡ ᠯᠡ ᠠᠮᠢᠰᠬᠤᠭ᠎ᠠ ᠪᠠᠷ ᠴᠢᠷᠮᠠᠶᠢᠨ ᠠᠵᠢᠯᠯᠠᠵᠤ᠂ ᠪᠦᠷᠢᠨ ᠢᠯᠠᠯᠲᠠ ᠣᠯᠬᠤ ᠪᠠᠷ ᠴᠢᠷᠮᠠᠶᠢᠬᠤ ᠬᠡᠷᠡᠭᠲᠡᠶ᠃ ︽ | ᠭᠤᠷᠪᠠ ᠶᠢ ᠪᠠᠳᠤᠯᠠᠬᠤ︾ ᠪᠤᠯᠤᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢ | ᠴᠢᠬᠤᠯᠠ ᠠᠴᠠ ᠴᠢᠬᠤᠯᠠ ᠶᠠᠪᠤᠳᠠᠯ ᠪᠣᠯᠭᠠᠨ᠂ ᠪᠠᠷᠢᠮᠵᠢᠶ᠎ᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠴᠢᠩᠭ᠎ᠠ | ᠠᠳᠬᠤᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠠᠵᠤ ᠦᠢᠯᠡᠰ ᠢ ᠬᠥᠭᠵᠢᠭᠦᠯᠬᠦ ᠶᠢ ᠡᠬᠢ | ᠦᠨᠳᠦᠰᠤ ᠠᠴᠠ ᠨᠢ ᠵᠠᠰᠠᠬᠤ ᠶᠢᠨ ᠭᠤᠤᠯ ᠠᠷᠭ᠎ᠠ ᠪᠣᠳᠣᠯᠭ᠎ᠠ ᠪᠠᠨ ᠪᠣᠯᠭᠠᠵᠤ᠂ ᠲᠣᠰ ᠪᠡᠶ᠎ᠡ ᠶᠢᠨ ᠨᠥᠬᠦᠴᠡᠯ ᠳᠡᠭᠡᠨ | ᠰᠠᠭᠤᠷᠢᠯᠠᠨ᠂ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠵᠥ ᠣᠷᠣᠭᠤᠯᠤᠨ ᠠᠪᠴᠢᠷᠠᠵᠥ᠂ | ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃ ᠦᠨᠳᠦᠰᠦᠨ ᠱᠠᠲᠤᠨ ᠤ ᠨᠠᠮ | ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ | ᠪᠤᠵᠠᠭᠠᠶᠢᠷᠠᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠣᠯᠠᠨ ᠲᠦᠮᠡᠨ ᠢ ᠨᠠᠩ ᠰᠠᠶᠢᠲᠤᠷ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠵᠤ ᠴᠢᠨᠡᠭᠡᠯᠢᠭᠵᠢᠭᠦᠯᠬᠦ ᠬᠡᠷᠡᠭᠲᠡᠶ | ᠬᠡᠵᠥ ᠴᠢᠬᠤᠯᠠᠴᠢᠯᠠᠪᠠ᠃ | ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ᠂ ᠢᠯᠠᠩᠭᠤᠶ᠎ᠠ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠬᠢᠷᠢ ᠵᠡᠷᠭᠡ ᠠᠬᠢᠭᠤᠯᠵᠤ ᠪᠠᠶᠢᠬᠤ ᠶᠢ ᠱᠢ ᠲᠠᠢ ᠹᠧᠩ ᠮᠠᠰᠢ ᠠᠩᠬᠠᠷᠴᠤ ᠪᠠᠶᠢᠯ᠎ᠠ᠃ | ᠲᠡᠷᠡ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ᠬᠤᠪᠢᠰᠬᠠᠯ ᠤᠨ | ᠦᠷᠡᠭᠳᠡᠭᠰᠡᠨ ᠪᠠᠭᠠᠳᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃ ᠲᠡᠷᠡ ᠵᠢᠨᠢᠩ | ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠦ ᠤᠨᠤᠯ ᠤᠨ ᠬᠢᠴᠢᠶᠡᠯ ᠢ ᠰᠤᠯᠠ | ᠰᠣᠨᠣᠰᠴᠤ᠂ ᠪᠠᠭᠰᠢ ᠰᠤᠷᠤᠭᠴᠢᠳ ᠲᠠᠢ ᠨᠢᠭᠤᠷᠳᠠᠨ ᠶᠠᠷᠢᠯᠴᠠᠵᠤ ᠰᠠᠨᠠᠯ ᠢᠶᠠᠨ ᠰᠣᠯᠢᠯᠴᠠᠨ᠂ ᠵᠠᠯᠠᠭᠤ ᠰᠤᠷᠤᠭᠴᠢᠳ | ᠢ ᠶᠣᠰᠣ ᠮᠣᠷᠠᠯ ᠲᠠᠢ ᠡᠷᠳᠡᠮ ᠴᠢᠳᠠᠪᠤᠷᠢ ᠲᠠᠢ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ | ᠡᠭᠦᠷᠭᠡᠯᠡᠬᠦ ᠴᠠᠭ ᠦᠶ᠎ᠡ ᠶᠢᠨ ᠰᠢᠨ᠎ᠡ ᠴᠢᠳᠠᠪᠤᠷᠢᠳᠠᠨ ᠪᠤᠯᠵᠥ ᠬᠦᠮᠦᠵᠢᠬᠦ ᠪᠤᠯᠳᠤᠭᠠᠢ ᠭᠡᠵᠤ ᠵᠤᠷᠢᠬᠵᠢᠭᠤᠯᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠠᠵᠢᠯ ᠪᠠᠶᠢᠴᠠᠭᠠᠬᠤ ᠳᠠᠭᠠᠨ ᠲᠡᠷᠡ᠂ ᠠᠵᠢᠯ ᠤᠨ ᠶᠠᠪᠤᠴᠠ | ᠵᠢᠷᠤᠮ ᠢᠶᠠᠨ ᠴᠢᠨᠠᠬᠰᠢᠳᠠ ᠰᠢᠯᠢᠳᠡᠭᠵᠢᠭᠦᠯᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠤ᠂ ᠣᠯᠠᠨ ᠲᠦᠮᠡᠨ ᠤ ᠤᠴᠢᠷ | ᠶᠠᠪᠤᠳᠠᠯ ᠰᠢᠢᠳᠪᠦᠷᠢᠯᠡᠬᠦ ᠳᠤ ᠨᠡᠩ ᠳᠦᠬᠦᠮ ᠦᠵᠡᠬᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠱᠢ ᠲᠠᠢ ᠹᠧᠩ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ | ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠳᠤᠭᠤᠷᠢᠨ ᠵᠢᠯᠣᠭᠤᠳᠬᠤ ᠳᠤᠭᠤᠢᠢᠯᠠᠩ ᠤᠨ ᠠᠵᠢᠯ ᠤᠨ | ᠬᠠᠷᠢᠭᠤ ᠮᠡᠳᠡᠬᠦᠯᠦᠯᠳᠡ ᠶᠢ ᠰᠣᠨᠣᠰᠤᠨ᠂ ᠮᠠᠯᠴᠢᠨ ᠲᠠᠷᠢᠶᠠᠴᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ | ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ | ᠰᠣᠨᠣᠰᠪᠠ᠃ ᠲᠡᠷᠡ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠡᠭᠴᠡᠯᠡᠨ ᠰᠠᠶᠢᠵᠢᠷᠠᠭᠤᠯᠤᠯᠳᠠ ᠶᠢ | ᠠᠳᠬᠤᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ | ᠴᠢᠩᠭᠠᠳᠬᠠᠨ᠂ ᠠᠰᠠᠭᠤᠳᠠᠯ ᠳᠤ ᠬᠠᠨᠳᠤᠵᠤ᠂ ᠠᠰᠠᠭᠤᠳᠠᠯ ᠳᠤ ᠴᠢᠭᠯᠡᠬᠦᠯᠤᠨ ᠴᠡᠭᠴᠡᠯᠡᠨ ᠰᠠᠶᠢᠵᠢᠷᠠᠭᠤᠯᠬᠤ ᠬᠡᠷᠡᠭᠳᠠᠢ᠃ | ᠣᠨᠴᠠᠭᠠᠢᠢᠯᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠡᠷᠡᠰ | ᠬᠦᠴᠦᠲᠡᠶ ᠠᠬᠢᠭᠤᠯᠵᠤ᠂ ᠡᠭᠦᠷᠭᠡ ᠨᠢᠭᠡᠪᠦᠷᠢ ᠶᠢ ᠴᠥᠮ ᠪᠣᠳᠠᠲᠠᠶ ᠠᠳᠬᠤᠨ ᠡᠴᠦᠰ ᠲᠤᠨᠢ ᠲᠤᠯᠲᠠᠯ᠎ᠠ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠡᠨᠡ ᠬᠦ ᠴᠢᠬᠤᠯᠠ | ᠭᠠᠷᠲᠠᠴᠨ ᠶᠢ ᠳᠣᠪᠤᠶᠢᠯᠭᠠᠨ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠪᠣᠳᠠᠲᠠᠶ ᠠᠳᠬᠤᠵᠤ᠂ ᠪᠠᠶᠢᠩᠭᠤ ᠶᠢᠨ | ᠴᠢᠨᠠᠷᠳᠠᠢ ᠪᠠᠷ ᠤᠷᠲᠤ ᠬᠤᠭᠤᠴᠠᠭᠠᠨ᠎ᠠ ᠪᠦᠲᠦᠮᠵᠢᠲᠡᠶ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠴᠡᠭᠴᠡᠯᠡᠨ | ᠰᠠᠶᠢᠵᠢᠷᠠᠭᠤᠯᠪᠠᠰᠤ ᠵᠣᠬᠢᠬᠤ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠪᠣᠳᠠᠲᠠᠶ ᠦᠷ᠎ᠡ ᠪᠦᠲᠦᠮᠵᠢ ᠪᠠᠷ ᠢᠶᠠᠨ | ᠠᠷᠠᠳ ᠤᠨ ᠢᠲᠡᠭᠡᠯ ᠢ ᠣᠯᠬᠤ ᠬᠡᠷᠡᠭᠲᠡᠶ ᠬᠡᠵᠥ ᠴᠢᠬᠤᠯᠠᠴᠢᠯᠠᠪᠠ᠃ | ᠡᠨᠡ ᠬᠤᠭᠤᠴᠠᠭᠠᠨ ᠳᠤ᠂ ᠱᠢ ᠲᠠᠢ ᠹᠧᠩ ᠪᠠᠰᠠ ᠬᠤᠸᠠ ᠸᠧᠶ ᠡᠭᠦᠯᠡᠨ ᠪᠣᠳᠣᠯᠲᠠ ᠶᠢᠨ ᠲᠥᠪ ᠲᠤ | ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ᠂ ᠲᠣᠮᠣ ᠳ᠋ᠠᠶᠢᠲ᠋ᠠ ᠶᠢᠨ ᠬᠡᠷᠡᠭᠯᠡᠭᠡ ᠶᠢ ᠴᠢᠩᠭᠠᠳᠬᠠᠨ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠡᠭᠦᠳᠤᠨ᠂ ᠰᠢᠨ᠎ᠡ ᠦᠨ᠎ᠡ ᠥᠷᠲᠡᠭ ᠡᠭᠦᠳᠬᠦ | ᠬᠡᠷᠡᠭᠲᠡᠶ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ ᠵᠠᠩ ᠱᠣᠣ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ |