11 ᠳ᠋ᠦ᠋ᠭᠡᠷ ᠰᠠᠷ᠎ᠠ ᠶᠢᠨ 19—21 ᠤ ᠡᠳᠦᠷ ᠪᠤᠯᠲᠠᠯ᠎ᠠ᠂ ᠪᠦᠬᠦ ᠤᠷᠤᠨ ᠤ ᠲᠠᠷᠢᠶᠠᠯᠠᠬᠤ ᠶᠢ ᠵᠤᠭᠰᠤᠭᠠᠵᠤ | ᠤᠢ ᠰᠢᠭᠤᠢ ᠶᠢ ᠰᠡᠷᠭᠦᠭᠡᠬᠦ ᠢᠨᠵᠧᠨᠧᠷᠢᠩ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠤᠯᠪᠠᠰᠤᠷᠠᠭᠤᠯᠤᠯ ᠤᠨ | ᠠᠩᠭᠢ ᠤᠯᠠᠭᠠᠨᠴᠠᠪ ᠬᠤᠲᠠ ᠳᠤ ᠶᠠᠪᠤᠭᠳᠠᠪᠠ᠃ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ | ᠲᠤᠪᠴᠢᠶᠠᠨ ᠤ ᠬᠠᠮᠢᠶᠠᠷᠤᠯᠲᠠ ᠶᠢᠨ ᠺᠠᠳ᠋ᠷ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠹᠠᠩ | ᠬᠤᠸᠠᠢ ᠯᠥᠩ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠪᠦᠬᠦ ᠤᠷᠤᠨ ᠤ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠡᠪᠡᠰᠦ | ᠪᠡᠯᠴᠢᠭᠡᠷ ᠢ ᠰᠡᠷᠭᠦᠭᠡᠬᠦ ᠲᠤᠬᠠᠶᠢᠯᠠᠭᠰᠠᠨ ᠠᠵᠢᠯ ᠤᠨ100 ᠭᠠᠷᠤᠢ ᠭᠤᠤᠯᠯᠠᠭᠴᠢ ᠬᠦᠴᠦᠨ ᠲᠤᠰ ᠤᠳᠠᠭᠠᠨ ᠤ | ᠪᠤᠯᠪᠠᠰᠤᠷᠠᠭᠤᠯᠤᠯ ᠳᠤ ᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠠᠭᠠᠨᠴᠠᠪ ᠬᠤᠲᠠ ᠪᠤᠯ ᠤᠯᠤᠰ ᠠᠴᠠ ᠠᠯᠢ ᠡᠷᠲᠡ ᠵᠠᠷᠤᠳᠠᠯ | ᠭᠠᠷᠭᠠᠨ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠶᠢ ᠰᠡᠷᠭᠦᠭᠡᠬᠦ ᠠᠵᠢᠯ ᠢ ᠬᠡᠷᠡᠭᠵᠢᠭᠦᠯᠦᠭᠰᠡᠨ ᠭᠠᠵᠠᠷ ᠤᠷᠤᠨ | ᠪᠤᠯᠤᠨ᠎ᠠ᠂ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠶᠢ ᠰᠡᠷᠭᠦᠭᠡᠬᠦ ᠠᠵᠢᠯ ᠤᠨ ᠠᠮᠵᠢᠯᠲᠠ ᠪᠦᠲᠦᠮᠵᠢ ᠨᠢ | ᠪᠠᠶᠠᠷᠯᠠᠭᠤᠰᠢᠲᠠᠢ ᠶᠤᠮ᠂ ᠡᠨᠡ ᠵᠢᠯ ᠤᠯᠠᠭᠠᠨᠴᠠᠪ ᠬᠤᠲᠠ ᠶᠢᠨ ᠤᠢ ᠰᠢᠭᠤᠢ ᠡᠪᠡᠰᠦ ᠪᠡᠯᠴᠢᠭᠡᠷ ᠤᠨ ᠠᠵᠢᠯᠲᠠᠨ | ᠤᠨᠴᠠ ᠤᠷᠢᠭᠰᠠᠨ ᠲᠦᠯᠦᠭᠡᠯᠡᠭᠴᠢ ᠶᠢᠨ ᠬᠤᠪᠢ ᠪᠠᠷ ᠶᠠᠨ ᠠᠨ ᠳᠤ ᠬᠦᠷᠴᠦ ᠪᠦᠬᠦ ᠤᠯᠤᠰ ᠤᠨ ᠲᠠᠷᠢᠶᠠᠯᠠᠬᠤ ᠶᠢ | ᠵᠤᠭᠰᠤᠭᠠᠵᠤ ᠤᠢ ᠰᠢᠭᠤᠢ ᠶᠢ ᠰᠡᠷᠭᠦᠭᠡᠭᠰᠡᠨ 20 ᠵᠢᠯ ᠤᠨ ᠤᠢ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠳᠤ | ᠤᠷᠤᠯᠴᠠᠪᠠ᠃ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠳᠤᠤᠷ᠎ᠠ᠂ ᠤᠯᠠᠭᠠᠨᠴᠠᠪ ᠬᠤᠲᠠ ᠶᠡᠷᠦᠩᠬᠡᠢ ᠱᠦᠵᠢ ᠶᠢᠨ | ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠵᠤ᠂ ︽ᠬᠥᠬᠡᠮᠳᠦᠭ ᠠᠭᠤᠯᠠ ᠤᠰᠤ | ᠪᠤᠯ ᠠᠯᠲᠠᠨ ᠮᠦᠩᠭᠦᠨ ᠠᠭᠤᠯᠠ︾ ᠭᠡᠬᠦ ᠠᠮᠢ ᠠᠬᠤᠢ ᠶᠢᠨ ᠤᠨᠤᠯᠵᠠᠬᠤᠨ ᠢ ᠪᠠᠷᠢᠮᠳᠠᠯᠠᠨ᠂ ᠪᠦᠬᠦ ᠤᠷᠤᠨ ᠤ | ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠳᠤ ᠨᠢᠭᠡ ᠬᠤᠪᠢ ᠬᠦᠴᠦᠨ | ᠴᠢᠳᠠᠯ ᠢᠶᠠᠨ ᠡᠷᠭᠦᠪᠡ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠡᠪᠡᠰᠦ ᠪᠡᠯᠴᠢᠭᠡᠷ ᠢ | ᠰᠡᠷᠭᠦᠭᠡᠬᠦ ᠢᠨᠵᠧᠨᠧᠷᠢᠩ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠠᠴᠠ ᠳᠤᠷᠠᠳᠤᠭᠰᠠᠨ 336 ᠵᠦᠢᠯ ᠤᠨ ᠭᠤᠤᠯᠳᠠᠯᠭ᠎ᠠ ᠲᠠᠢ ᠦᠭᠡᠷᠡᠴᠢᠯᠡᠯᠲᠡ ᠶᠢᠨ ᠡᠭᠦᠷᠭᠡ ᠶᠢᠨ | ᠨᠢᠭᠡ ᠨᠢ ᠪᠤᠯᠤᠨ᠎ᠠ᠂ ᠠᠮᠢ ᠠᠬᠤᠢ ᠶᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ | ᠠᠷᠭ᠎ᠠ ᠪᠠᠷᠢᠯ ᠮᠦᠨ᠂ ᠤᠢ ᠰᠢᠭᠤᠢ ᠡᠪᠡᠰᠦ ᠪᠡᠯᠴᠢᠭᠡᠷ ᠤᠨ ᠠᠵᠢᠯ ᠤᠨ ᠪᠦᠬᠦ ᠠᠵᠢᠯᠲᠠᠳ ︽ᠳᠦᠷᠪᠡᠨ ᠪᠦᠬᠦ | ᠲᠠᠯ᠎ᠠ︾ ᠶᠢᠨ ᠦᠨᠳᠦᠷᠴᠡ ᠠᠴᠠ ᠲᠤᠰ ᠲᠦᠷᠦᠯ ᠤᠨ ᠠᠵᠢᠯ ᠢ ᠦᠷᠨᠢᠭᠦᠯᠵᠦ᠂ ᠤᠮᠠᠷᠠᠲᠤ ᠬᠢᠯᠢ ᠶᠢᠨ ᠲᠦᠮᠡᠨ | ᠭᠠᠵᠠᠷ ᠤᠨ ᠤᠷᠲᠤ ᠨᠤᠭᠤᠭᠠᠨ ᠬᠡᠷᠡᠮ ᠢ ᠬᠠᠮᠲᠤ ᠪᠠᠷ ᠴᠤᠭᠴᠠᠯᠠᠬᠤ ᠬᠡᠷᠡᠭᠲᠡᠢ᠃ ᠤᠯᠤᠰ ᠲᠦᠷᠦ ᠶᠢᠨ | ᠵᠤᠭᠰᠤᠴᠠ ᠪᠠᠨ ᠦᠨᠳᠦᠷᠵᠢᠭᠦᠯᠵᠦ᠂ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ | ᠠᠵᠢᠯ ᠢ ᠨᠢᠭᠡᠨ ᠰᠢᠰᠲ᠋ᠧᠮᠲᠤ ᠴᠢᠨᠠᠷᠲᠠᠢ᠂ ᠬᠠᠨᠳᠤᠯᠭᠠᠲᠤ ᠴᠢᠨᠠᠷᠲᠠᠢ᠂ ᠤᠷᠲᠤ ᠬᠤᠭᠤᠴᠠᠭᠠᠲᠤ ᠴᠢᠨᠠᠷᠲᠠᠢ | ᠠᠵᠢᠯ ᠪᠤᠯᠭᠠᠨ ᠠᠳᠬᠤᠬᠤ ᠬᠡᠷᠡᠭᠲᠡᠢ︔ ᠠᠵᠢᠯᠯᠠᠭ᠎ᠠ ᠶᠢ ᠴᠢᠬᠤᠯᠠᠴᠢᠯᠠᠵᠤ᠂ ᠳᠦᠷᠢᠮ ᠤᠨ ᠵᠠᠭᠪᠤᠷ᠂ ᠮᠡᠷᠭᠡᠵᠢᠯ ᠤᠨ | ᠵᠠᠭᠪᠤᠷ᠂ ᠦᠷ᠎ᠡ ᠠᠰᠢᠭ ᠤᠨ ᠵᠠᠭᠪᠤᠷ ᠢ ᠤᠶᠠᠯᠳᠤᠭᠤᠯᠬᠤ ᠶᠢ ᠪᠠᠷᠢᠮᠳᠠᠯᠠᠨ᠂ ᠤᠢ ᠰᠢᠭᠤᠢ᠂ ᠨᠤᠲᠤᠭ ᠪᠡᠯᠴᠢᠭᠡᠷ ᠤᠨ | ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠬᠤ ᠬᠡᠷᠡᠭᠲᠡᠢ︔ ᠨᠠᠷᠢᠨ ᠬᠢᠨᠠᠮᠠᠭᠠᠢ ᠰᠤᠷᠤᠯᠴᠠᠵᠤ᠂ | ᠠᠭᠤᠴᠢᠯᠠᠨ ᠪᠠᠭᠲᠠᠭᠠᠵᠤ ᠬᠠᠷᠢᠯᠴᠠᠨ ᠲᠤᠯᠢ ᠪᠤᠯᠭᠠᠨ᠂ ᠪᠦᠬᠦ ᠤᠷᠤᠨ ᠤ ᠲᠠᠷᠢᠶᠠᠯᠠᠬᠤ ᠶᠢ ᠵᠤᠭᠰᠤᠭᠠᠵᠤ ᠤᠢ | ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠤᠨ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠪᠤᠯᠪᠠᠰᠤᠷᠠᠭᠤᠯᠤᠯ ᠤᠨ ᠠᠩᠭᠢ ᠳᠤ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ᠂ | ᠳᠤᠮᠳᠠᠳᠤ ᠤᠯᠤᠰ ᠤᠨ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠳ | ᠡᠷᠳᠡᠮᠲᠡᠳ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠳᠤ ᠴᠢᠭᠯᠡᠭᠦᠯᠦᠨ ᠤᠢ ᠰᠢᠭᠤᠢ | ᠪᠠ ᠨᠤᠲᠤᠭ ᠪᠡᠯᠴᠢᠭᠡᠷ ᠤᠨ ᠠᠵᠢᠯ ᠤᠨ ᠲᠤᠭᠳᠠᠭᠤᠨ ᠢᠶᠠᠷ ᠬᠥᠭᠵᠢᠭᠦᠯᠬᠦ᠂ ᠲᠠᠷᠢᠶᠠᠯᠠᠬᠤ ᠶᠢ ᠵᠤᠭᠰᠤᠭᠠᠵᠤ ᠤᠢ | ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠦᠷ᠎ᠡ ᠠᠰᠢᠭ ᠢ ᠦᠨᠡᠯᠡᠬᠦ᠂ ᠤᠯᠠᠨ ᠲᠦᠷᠦᠯ ᠢ | ᠡᠵᠡᠩᠨᠡᠬᠦ᠂ ᠪᠦᠲᠦᠭᠡᠨ ᠪᠠᠶᠢᠭᠤᠯᠤᠯᠲᠠ ᠳᠤ ᠦᠷ᠎ᠡ ᠪᠦᠲᠦᠮᠵᠢ ᠤᠯᠬᠤ᠂ ᠠᠵᠢᠯᠯᠠᠬᠤ ᠵᠢᠷᠤᠭ ᠲᠦᠯᠦᠪᠯᠡᠭᠡ ᠵᠡᠷᠭᠡ | ᠠᠵᠢᠯ ᠢ ᠠᠬᠢᠭᠤᠯᠬᠤ ᠲᠠᠯ᠎ᠠ ᠪᠠᠷ ᠭᠦᠨᠵᠡᠭᠡᠢ ᠪᠦᠭᠡᠳ ᠤᠶᠢᠯᠠᠭᠠᠮᠵᠢᠲᠠᠢ ᠲᠠᠶᠢᠯᠪᠤᠷᠢ ᠬᠢᠵᠦ᠂ ᠰᠤᠷᠤᠭᠴᠢᠳ ᠲᠤ | ᠭᠦᠨ ᠲᠦᠷᠦᠭᠳᠡᠯ ᠦᠭᠴᠦ᠂ ᠪᠦᠬᠦ ᠤᠷᠤᠨ ᠤ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠡᠪᠡᠰᠦ ᠪᠡᠯᠴᠢᠭᠡᠷ ᠢ | ᠰᠡᠷᠭᠦᠭᠡᠬᠦ ᠠᠵᠢᠯ ᠢ ᠦᠷᠭᠡᠨ ᠳᠡᠯᠭᠡᠷ ᠪᠦᠬᠦ ᠲᠠᠯ᠎ᠠ ᠪᠠᠷ ᠦᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ | ᠦᠭᠴᠡᠢ᠃ | |