ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2019 | ᠣᠨ ᠤ ᠲᠣᠭᠲᠠᠮᠠᠯ ᠬᠡᠮᠵᠢᠶ᠎ᠡ ᠲᠠᠢ ᠰᠠᠪᠠᠯᠠᠯᠲᠠ ᠶᠢᠨ ᠲᠠᠸᠠᠷ ᠤᠨ ᠬᠡᠮᠵᠢᠶ᠎ᠡ ᠳᠤ ᠬᠢᠨᠡᠯᠲᠡ ᠲᠠᠯᠪᠢᠬᠤ ᠲᠤᠰᠬᠠᠢ | ᠰᠤᠭᠤᠴᠢᠨ ᠪᠠᠶᠢᠴᠠᠭᠠᠬᠤ ᠠᠵᠢᠯ ᠢ ᠦᠷᠨᠢᠬᠦᠯᠪᠡ᠃ | ᠲᠤᠰ ᠤᠳᠠᠭ᠎ᠠ ᠶᠢᠨ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠳᠤ ᠬᠦᠬᠡᠬᠤᠲᠡ ᠣᠷᠤᠨ ᠤ ᠬᠠᠮᠢᠶ᠎ᠠ | ᠪᠦᠬᠦᠢ ᠠᠵᠦ ᠠᠬᠤᠶᠢᠯᠠᠯ ᠤᠨ ᠦᠢᠯᠡᠳᠪᠦᠷᠢᠯᠡᠭᠰᠡᠨ ᠰᠦᠨ ᠪᠦᠲᠦᠭᠡᠭᠲᠡᠬᠦᠨ᠂ ᠴᠠᠭᠠᠨ ᠢᠳᠡᠭᠡᠨ ︵ᠬᠠᠭᠤᠷᠠᠢ | ᠰᠦ ᠪᠠᠭᠲᠠᠨ᠎ᠠ︶᠂ ᠢᠳᠡᠭᠡᠨ ᠤ ᠤᠷᠭᠤᠮᠡᠯ ᠤᠨ ᠲᠣᠰᠤ᠂ ᠯᠣᠩᠬᠤᠲᠦ ᠢᠳᠡᠭᠡᠨ᠂ ᠪᠣᠷᠴᠠ᠂ ᠮᠢᠬᠠᠨ ᠪᠦᠲᠦᠭᠡᠭᠳᠡᠬᠦᠨ᠂ | ᠠᠮᠲᠠ ᠣᠷᠤᠭᠤᠯᠬᠤ ᠡᠳ᠋᠂ ᠬᠠᠯᠠᠭᠤᠨ ᠲᠣᠭᠤᠭᠠᠨ ᠤ ᠠᠮᠲᠠ ᠣᠷᠤᠭᠤᠯᠬᠤ ᠡᠳ᠋ ᠵᠡᠷᠭᠡ ᠲᠣᠭᠲᠠᠮᠠᠯ ᠬᠡᠮᠵᠢᠶ᠎ᠡ ᠲᠠᠢ | ᠰᠠᠪᠠᠯᠠᠯᠲᠠ ᠶᠢᠨ ᠲᠠᠸᠠᠷ ᠢᠶᠠᠷ ᠭᠤᠣᠯᠯᠠᠵᠠᠢ᠃ | ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠶᠠᠪᠤᠴᠠ ᠳᠤ᠂ ᠮᠠᠨ ᠤ ᠬᠤᠲᠠ ᠶᠢᠨ ᠬᠠᠤᠯᠢ ᠬᠡᠷᠡᠭᠵᠢᠭᠦᠯᠬᠦ | ᠠᠵᠢᠯᠲᠡᠳ ᠪᠣᠯᠤᠨ ᠦᠪᠦᠷ ᠮᠣᠩᠭᠤᠯ ᠤᠨ ᠰᠢᠯᠭᠠᠨ ᠬᠡᠮᠵᠢᠬᠦ ᠰᠣᠲᠤᠯᠭᠠᠨ ᠤ ᠭᠦᠷᠢᠶᠡᠯᠡᠩ ᠤᠨ ᠰᠢᠯᠭᠠᠨ ᠬᠡᠮᠵᠢᠬᠦ | ᠠᠵᠢᠯᠲᠡᠳ ᠦᠪᠡᠷᠲᠡᠭᠡᠨ ᠵᠠᠰᠠᠬᠤ ᠣᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠬᠡᠷᠡᠭᠵᠢᠬᠦᠯᠵᠦ ᠪᠠᠶᠢᠭ᠎ᠠ ︽ᠬᠤᠶᠠᠷ ᠲᠠᠰᠢᠷᠡᠮ ᠳᠠᠭᠠᠤ ᠬᠢᠬᠦ᠂ ᠨᠢᠭᠡ ᠶᠢ ᠢᠯᠡ ᠪᠠᠶᠢᠯᠭᠠᠬᠤ︾ ᠦᠯᠢᠭᠡᠷ ᠠᠪᠬᠤ | ᠵᠠᠷᠴᠢᠮ ᠵᠢᠴᠢ ︽ᠲᠣᠭᠲᠠᠮᠠᠯ ᠬᠡᠮᠵᠢᠶ᠎ᠡ ᠲᠠᠢ ᠰᠠᠪᠠᠯᠠᠯᠲᠠ ᠶᠢᠨ ᠲᠠᠸᠠᠷ ᠤᠨ ᠬᠡᠮᠵᠢᠶ᠎ᠡ ᠶᠢᠨ ᠲᠤᠰᠬᠠᠢ | ᠪᠠᠶᠢᠴᠠᠭᠠᠯᠲᠠ ᠶᠢᠨ ︿ᠬᠤᠶᠠᠷ ᠲᠠᠰᠢᠷᠡᠮ ᠳᠠᠭᠠᠤ ᠬᠢᠬᠦ﹀ ᠠᠵᠢᠯ ᠤᠨ ᠬᠡᠷᠡᠭᠵᠢᠭᠦᠯᠭᠦ ᠨᠠᠷᠢᠨ ᠲᠦᠷᠢᠮ ︵ᠲᠣᠷᠰᠢᠨ | ᠬᠡᠷᠡᠭᠵᠢᠭᠦᠯᠬᠦ︶︾᠂ ︽ᠲᠣᠭᠲᠠᠮᠠᠯ ᠬᠡᠮᠵᠢᠶ᠎ᠡ ᠲᠠᠢ ᠰᠠᠪᠠᠯᠠᠯᠲᠠ ᠶᠢᠨ ᠲᠠᠸᠠᠷ ᠤᠨ ᠬᠡᠮᠵᠢᠶ᠎ᠡ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ︾᠂ ︽ᠲᠣᠭᠲᠠᠮᠠᠯ ᠬᠡᠮᠵᠢᠶ᠎ᠡ ᠲᠠᠢ ᠰᠠᠪᠠᠯᠠᠯᠲᠠ ᠶᠢᠨ ᠲᠠᠸᠠᠷ ᠤᠨ ᠴᠡᠪᠡᠷᠴᠡ ᠶᠢᠨ | ᠬᠡᠮᠵᠢᠶ᠎ᠡ ᠶᠢᠨ ᠰᠢᠯᠭᠠᠨ ᠪᠠᠶᠢᠴᠠᠭᠠᠯᠲᠠ ᠶᠢᠨ ᠲᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠦᠮᠯᠡᠨ | ᠰᠤᠭᠤᠴᠢᠨ ᠪᠠᠶᠢᠴᠠᠭᠠᠵᠠᠢ᠃ ᠡᠭᠦᠨ ᠤ ᠬᠠᠮᠲᠤ ᠬᠠᠤᠯᠢ ᠬᠡᠷᠡᠭᠵᠢᠭᠦᠯᠬᠦ ᠠᠵᠢᠯᠲᠡᠳ ᠠᠵᠦ ᠠᠬᠤᠶᠢᠯᠠᠯ ᠳᠤ | ᠬᠡᠮᠵᠢᠯᠲᠡ ᠶᠢᠨ ᠬᠠᠣᠯᠢ ᠲᠤᠭᠲᠠᠭᠠᠯ ᠤᠨ ᠤᠬᠠᠭᠤᠯᠭ᠎ᠠ ᠬᠢᠬᠦ ᠶᠢᠨ ᠳᠠᠭᠠᠤ ᠬᠡᠷᠡᠭᠴᠡᠭᠡ ᠱᠠᠭᠠᠷᠳᠠᠯᠭ᠎ᠠ ᠲᠠᠢ ᠠᠵᠦ | ᠠᠬᠤᠶᠢᠯᠠᠯ ᠳᠤ ᠮᠡᠷᠭᠡᠵᠢᠯ ᠤᠨ ᠵᠢᠯᠤᠭᠤᠲᠤᠯᠭ᠎ᠠ ᠪᠠ ᠠᠵᠢᠯᠲᠡᠨ ᠤ ᠪᠣᠯᠪᠠᠰᠤᠷᠠᠭᠤᠯᠤᠯ ᠬᠢᠵᠦ᠂ ᠠᠵᠦ ᠠᠬᠤᠶᠢᠯᠠᠯ ᠳᠤ | ᠬᠠᠪᠰᠤᠷᠤᠨ ᠬᠡᠮᠵᠢᠯᠲᠡ ᠶᠢᠨ ᠦᠵᠡᠯ ᠤᠬᠠᠮᠰᠡᠷ ᠂ ᠬᠡᠮᠵᠢᠯᠲᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠨᠢ | ᠳᠡᠭᠡᠭᠰᠢᠯᠡᠭᠦᠯᠦᠨ᠂ ᠦᠢᠯᠡᠳᠪᠦᠷᠢᠯᠡᠭᠰᠡᠨ ᠲᠣᠭᠲᠠᠮᠠᠯ ᠬᠡᠮᠵᠢᠶ᠎ᠡ ᠲᠠᠢ ᠰᠠᠪᠠᠯᠠᠯᠲᠠ ᠶᠢᠨ ᠲᠠᠸᠠᠷ ᠤᠨ ᠴᠡᠪᠡᠷᠴᠡ | ᠨᠢ ᠵᠦᠪ ᠨᠠᠶᠢᠳᠡᠪᠦᠷᠢᠲᠠᠢ ᠪᠠᠶᠢᠬᠤ ᠶᠢ ᠪᠠᠲᠤᠯᠠᠪᠠ᠃ | |