ᠤᠯᠠᠭᠠᠨᠬᠠᠳᠠ ᠬᠤᠲᠠ ᠳᠤᠮᠳᠠᠳᠤ ᠤᠯᠤᠰ ᠤᠨ ᠤᠯᠠᠨ ᠤᠯᠤᠰ ᠤᠨ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠤᠨ ᠬᠦᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠤᠯᠠᠭᠠᠨᠬᠠᠳᠠ ᠶᠢᠨ ᠲᠦᠷᠦᠭᠦᠴᠦᠳ ᠤᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2019/11/26
     11ᠳ᠋ᠦ᠋ᠭᠡᠷ ᠰᠠᠷ᠎ᠠ ᠶᠢᠨ 20᠎ ᠤ ᠡᠳᠦᠷ ᠠᠴᠠ 21᠎ ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠤᠯᠠᠨ ᠤᠯᠤᠰ ᠤᠨ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠤᠨ ᠬᠦᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠤᠯᠠᠭᠠᠨᠬᠠᠳᠠ ᠶᠢᠨ ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠪᠠᠷ ᠡᠷᠬᠢᠯᠡᠪᠡ᠂ ᠤᠯᠤᠰ ᠤᠨ ᠲᠤᠲᠤᠭᠠᠳᠤ ᠭᠠᠳᠠᠭᠠᠳᠤ ᠶᠢᠨ ᠡᠷᠡᠭᠦᠯᠵᠢᠯ ᠠᠰᠠᠷᠠᠮᠵᠢ ᠶᠢᠨ ᠭᠦᠷᠢᠶ᠎ᠡ ᠶᠢᠨ 200 ᠭᠠᠷᠤᠢ ᠲᠤᠰᠬᠠᠢ ᠮᠡᠷᠭᠡᠵᠢᠯᠲᠡᠨ᠂ ᠡᠷᠳᠡᠮᠲᠡᠨ ᠪᠠ ᠠᠵᠢᠯ ᠲᠦᠷᠦᠯ ᠤᠨ ᠬᠢᠨ ᠤ ᠬᠦᠮᠦᠰ ᠬᠤᠷᠠᠨ ᠴᠤᠭᠯᠠᠷᠠᠵᠤ᠂ ᠬᠠᠮᠲᠤ ᠪᠠᠷ ᠡᠷᠡᠭᠦᠯᠵᠢᠯ ᠠᠰᠠᠷᠠᠮᠵᠢ ᠶᠢᠨ ᠬᠦᠷᠢᠶᠠᠨ ᠳᠠᠬᠢ ᠬᠠᠮᠤᠭ ᠰᠢᠨ᠎ᠡ ᠬᠦᠭᠵᠢᠯᠲᠡ ᠶᠢᠨ ᠬᠠᠨᠳᠤᠰᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠢ ᠶᠠᠷᠢᠯᠴᠠᠨ ᠰᠤᠳᠤᠯᠵᠠᠢ᠃ ᠴᠢᠯᠦᠭᠡᠯᠡᠬᠦ ᠴᠡᠷᠢᠭ ᠤᠨ ᠶᠡᠷᠦᠩᠬᠡᠢ ᠠᠷᠤ ᠲᠠᠯ᠎ᠠ ᠶᠢᠨ ᠬᠡᠯᠲᠡᠰ ᠤᠨ ᠡᠷᠡᠭᠦᠯ ᠬᠠᠮᠠᠭᠠᠯᠠᠯ ᠤᠨ ᠬᠡᠯᠲᠡᠰ ᠤᠨ ᠤᠤᠯ ᠤᠨ ᠬᠡᠯᠲᠡᠰ ᠤᠨ ᠳᠠᠷᠤᠭ᠎ᠠ ︵ᠬᠤᠰᠢᠭᠤᠴᠢ ᠭᠧᠨᠧᠷᠡᠯ︶᠂ ᠳᠤᠮᠳᠠᠳᠤ ᠤᠯᠤᠰ ᠤᠨ ᠠᠮᠢ ᠨᠠᠰᠤᠨ ᠤ ᠬᠠᠯᠠᠮᠵᠢ ᠶᠢᠨ ᠨᠡᠶᠢᠬᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢ ᠵᠢᠶᠠᠨ ᠬᠤᠸᠠ ᠶᠠᠷᠢᠶᠠᠨ ᠤ ᠲᠠᠪᠴᠠᠩ ᠳᠤ  ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠂ ᠦᠪᠡᠷᠲᠡᠭᠡᠨ ᠵᠠᠰᠠᠬᠤ ᠤᠷᠤᠨ ᠤ ᠠᠷᠠᠯᠵᠢᠶ᠎ᠠ ᠶᠢ ᠠᠬᠢᠭᠤᠯᠬᠤ ᠡᠪᠯᠡᠯ ᠤᠨ ᠳᠡᠳ᠋ ᠳᠠᠷᠤᠭ᠎ᠠ ᠸᠧᠢ ᠬᠤᠩ ᠡᠬᠢᠯᠡᠬᠦ ᠶᠤᠰᠤᠯᠠᠯ ᠢ ᠡᠷᠬᠢᠯᠡᠵᠦ᠂ ᠬᠤᠲᠠ ᠶᠢᠨ ᠳᠡᠳ᠋ ᠳᠠᠷᠤᠭ᠎ᠠ ᠯᠢ ᠶᠠᠨ ᠷᠤ᠋ ᠤᠯᠠᠭᠠᠨᠬᠠᠳᠠ ᠬᠤᠲᠠ ᠶᠢᠨ ᠦᠨᠳᠦᠰᠦᠨ ᠪᠠᠶᠢᠳᠠᠯ ᠵᠢᠴᠢ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃      ᠤᠷᠴᠢᠮ ᠤᠨ ᠵᠢᠯ ᠳᠤ᠂ ᠤᠯᠠᠭᠠᠨᠬᠠᠳᠠ ᠬᠤᠲᠠ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠢ ᠠᠬᠢᠭᠤᠯᠤᠭᠠᠳ  ᠴᠢᠨᠠᠷ ᠰᠠᠶᠢᠲᠠᠢ ᠬᠦᠭᠵᠢᠭᠦᠯᠬᠦ ᠪᠠᠷ ᠬᠠᠷᠠᠯᠲᠠ ᠪᠠᠨ ᠪᠤᠯᠭᠠᠵᠤ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠤᠨ ᠤᠯᠠᠨ ᠬᠦᠷᠢᠶ᠎ᠡ᠂ ᠤᠯᠠᠨ ᠳᠠᠪᠬᠤᠷᠭ᠎ᠠ ᠶᠢᠨ ᠰᠢᠯᠢᠳᠡᠭ ᠡᠬᠢ ᠪᠠᠶᠠᠯᠢᠭ ᠢ ᠨᠢᠭᠡᠳᠬᠡᠵᠦ᠂ ᠦᠪᠦᠷ ᠮᠤᠩᠭᠤᠯ ᠤᠨ ᠬᠡᠪᠴᠢᠶᠠᠨ ᠳᠤ ᠡᠷᠡᠭᠦᠯᠵᠢᠯ ᠠᠰᠠᠷᠠᠮᠵᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠬᠦ ᠬᠦᠴᠦ ᠪᠠᠷ ᠢᠶᠠᠨ ᠴᠤᠭᠴᠠᠯᠠᠵᠠᠢ᠃ ᠤᠳᠤᠬᠠᠨ ᠳᠤ᠂ ᠭᠡᠷ ᠪᠦᠯᠢ᠂ ᠪᠠᠶᠢᠭᠤᠯᠤᠮᠵᠢ᠂ ᠰᠤᠶᠤᠯ᠂ ᠰᠤᠪᠢᠯᠠᠯᠭ᠎ᠠ᠂ ᠵᠤᠭᠠᠴᠠᠯ ᠡᠷᠡᠭᠦᠯᠵᠢᠯ ᠠᠰᠠᠷᠠᠮᠵᠢ ᠵᠡᠷᠭᠡ ᠬᠡᠯᠬᠢᠶᠡᠵᠢᠭᠰᠡᠨ ᠡᠷᠡᠭᠦᠯᠵᠢᠯ ᠠᠰᠠᠷᠠᠮᠵᠢ ᠶᠢᠨ ᠲᠤᠭᠲᠠᠯᠴᠠᠭ᠎ᠠ ᠠᠩᠬ᠎ᠠ ᠠᠯᠬᠤᠮ ᠪᠠᠶᠢᠭᠤᠯᠤᠭᠳᠠᠪᠠ᠃ ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ᠢᠳᠡᠪᠬᠢᠲᠠᠢ ᠪᠠᠷ ᠨᠠᠰᠤᠲᠠᠨ ᠢ ᠠᠰᠠᠷᠠᠬᠤ᠂ ᠡᠷᠡᠭᠦᠯ ᠢᠶᠠᠷ ᠨᠠᠰᠤᠲᠠᠨ ᠢ ᠠᠰᠠᠷᠠᠬᠤ ᠪᠠ ᠤᠶᠤᠨ ᠢᠶᠠᠷ ᠨᠠᠰᠤᠲᠠᠨ ᠢ ᠠᠰᠠᠷᠠᠬᠤ ᠵᠡᠷᠭᠡ ᠤᠯᠠᠨ ᠤᠯᠤᠰ ᠤᠨ ᠰᠢᠨ᠎ᠡ ᠡᠭᠦᠳᠦᠯᠲᠡ ᠶᠢᠨ ᠬᠤᠰᠢᠭᠤᠷᠠᠯ ᠬᠦᠷᠢᠶ᠎ᠡ ᠳᠤ ᠠᠩᠬᠠᠷᠤᠯ ᠢᠶᠠᠨ ᠲᠠᠯᠪᠢᠵᠤ᠂ ᠤᠯᠤᠰ ᠤᠨ ᠲᠤᠳᠤᠭᠠᠲᠤ ᠭᠠᠳᠠᠭᠠᠳᠤ ᠶᠢᠨ ᠬᠤᠰᠢᠭᠤᠷᠠᠯ ᠮᠡᠷᠭᠡᠵᠢᠯ᠂ ᠪᠦᠲᠦᠭᠡᠭᠳᠡᠬᠦᠨ ᠪᠠ ᠰᠢᠢᠳᠪᠦᠷᠢᠯᠡᠬᠦ ᠲᠦᠰᠦᠯ ᠳᠤ ᠰᠤᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠬᠠᠩᠭᠠᠭᠰᠠᠨ ᠤ ᠬᠠᠮᠲᠤ ᠡᠷᠡᠭᠦᠯᠵᠢᠯ ᠠᠰᠠᠷᠠᠮᠵᠢ ᠶᠢᠨ ᠬᠦᠷᠢᠶᠠᠨ ᠳᠠᠬᠢ ᠰᠢᠨ᠎ᠡ ᠶᠢ ᠡᠭᠦᠳᠬᠦ ᠦᠷ᠎ᠡ ᠪᠦᠲᠦᠭᠡᠯ ᠢ ᠤᠯᠠᠭᠠᠨᠬᠠᠳᠠ ᠬᠤᠲᠠ ᠳᠤ ᠤᠯᠠᠷᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠡ ᠪᠦᠯᠦᠭ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠤᠨ ᠲᠦᠷᠦᠯ ᠵᠦᠢᠯ ᠢ ᠰᠠᠭᠤᠷᠢᠰᠢᠭᠤᠯᠬᠤ ᠶᠢ ᠲᠦᠷᠭᠡᠳᠬᠡᠨ᠂ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠰᠢᠨ᠎ᠡ ᠶᠢ ᠡᠭᠦᠳᠬᠦ ᠬᠦᠭᠵᠢᠯᠲᠡ ᠎ ᠲᠠᠢ ᠠᠭᠤᠰᠤᠯᠴᠠᠬᠤ ᠶᠢ ᠲᠦᠯᠬᠢᠨ ᠠᠬᠢᠭᠤᠯᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号