ᠬᠦᠬᠡᠬᠤᠲᠠ ᠠᠴᠠ ᠪᠡᠭᠡᠵᠢᠩ ᠳᠤ ᠬᠦᠷᠬᠦ ᠬᠤᠷᠲᠤᠨ ᠤ ᠭᠠᠯᠳᠦ ᠲᠡᠷᠭᠡ ᠬᠠᠮᠤᠭ ᠤᠨ ᠬᠤᠷᠳᠤᠨ ᠳᠠᠭᠠᠨ 2 ᠴᠠᠭ 18 ᠮᠢᠨᠦ᠋ᠲ ᠬᠡᠷᠡᠭᠯᠡᠨ᠎ᠡ
ᠨᠡᠶᠢᠲᠡᠯᠡᠭᠰᠡᠨ ᠴᠠᠭ᠄
2019/11/27
     25᠎ ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠠᠶ ᠬᠤᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠬᠦᠬᠡᠬᠤᠲᠠ ᠠᠴᠠ ᠪᠡᠭᠡᠵᠢᠩ ᠳᠤ ᠬᠦᠷᠬᠦ ᠬᠤᠷᠲᠤᠨ ᠤ ᠭᠠᠯᠲᠦ ᠲᠡᠷᠭᠡ ᠬᠠᠮᠤᠭ ᠤᠨ ᠬᠤᠷᠳᠤᠨ ᠳᠠᠭᠠᠨ 2 ᠴᠠᠭ 18 ᠮᠢᠨᠦ᠋ᠲ ᠬᠡᠷᠡᠭᠯᠡᠨ᠎ᠡ ᠭᠡᠵᠡᠢ᠃      ᠳ᠋ᠠᠶ ᠬᠤᠩ ᠲᠠᠨᠢᠯᠴᠠᠭᠤᠯᠬᠤ ᠳᠠᠭᠠᠨ᠂ ᠬᠦᠬᠡᠬᠤᠲᠠ ᠠᠴᠠ ᠪᠡᠭᠡᠵᠢᠩ ᠳᠤ ᠬᠦᠷᠬᠦ ᠰᠤᠮᠤᠨ ᠭᠠᠯᠲᠦ ᠲᠡᠷᠭᠡ ᠨᠢ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠰᠤᠮᠤᠨ ᠭᠠᠯᠲᠦ ᠲᠡᠷᠭᠡ ᠪᠠᠷ ᠪᠦᠷᠢᠯᠳᠦᠵᠦ᠂ ᠲᠡᠷᠭᠡ ᠨᠡᠪᠲᠡᠷᠡᠭᠰᠡᠨ ᠤ ᠳᠠᠷᠠᠭ᠎ᠠ 20 ᠬᠤᠤᠰ ᠣᠷᠴᠢᠮ ᠰᠤᠮᠤᠨ ᠭᠠᠯᠲᠦ ᠲᠡᠷᠭᠡ ᠶᠢ ᠠᠶᠠᠯᠠᠭᠤᠯᠬᠤ ᠪᠠᠷ ᠪᠣᠶ᠃ ᠬᠥᠬᠡᠬᠤᠲᠠ᠂ ᠪᠤᠭᠤᠲᠤ᠂ ᠤᠯᠠᠭᠠᠨᠴᠠᠪ ᠴᠥᠮ ᠪᠡᠭᠡᠵᠢᠩ ᠳᠤ ᠣᠷᠣᠬᠤ ᠬᠤᠷᠲᠤᠨ ᠤ ᠭᠠᠯᠲᠦ ᠲᠡᠷᠭᠡ ᠲᠠᠢ ᠪᠠᠶᠢᠵᠤ᠂ ᠬᠦᠬᠡᠬᠤᠲᠠ ᠠᠴᠠ ᠪᠡᠭᠡᠵᠢᠩ ᠳᠤ ᠣᠷᠣᠬᠤ ᠴᠠᠭ ᠨᠢ ᠣᠳᠣᠬᠠᠨ ᠤ ᠬᠠᠮᠤᠭ ᠤᠨ ᠬᠤᠷᠳᠤᠨ ᠨᠢ 9 ᠴᠠᠭ ᠭᠠᠷᠤᠶ ᠪᠠᠶᠢᠭᠰᠠᠨ ᠠᠴᠠ ᠪᠠᠨ 3 ᠴᠠᠭ ᠤᠨ ᠳᠣᠲᠣᠷ᠎ᠠ ᠪᠠᠭᠠᠰᠴᠤ᠂ ᠬᠠᠮᠤᠭ ᠤᠨ ᠬᠤᠷᠳᠤᠨ ᠳᠠᠭᠠᠨ 2 ᠴᠠᠭ 18 ᠮᠢᠨᠦ᠋ᠲ ᠳᠤ ᠪᠡᠭᠡᠵᠢᠩ ᠤᠨ ᠬᠤᠶᠢᠲᠤ ᠥᠷᠲᠡᠭᠡ ᠳᠤ ᠬᠦᠷᠦᠨ᠎ᠡ᠃      ᠴᠢᠭᠤᠯᠤᠯᠲᠤ ᠬᠠᠭᠠᠯᠭ᠎ᠠ ᠠᠴᠠ ᠬᠦᠬᠡᠬᠤᠳᠠ ᠬᠦᠷᠬᠦ ᠬᠤᠷᠳᠤᠨ ᠤ ᠲᠡᠮᠦᠷ ᠵᠠᠮ ᠪᠣᠯᠤᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠬᠤᠷᠳᠤᠨ ᠤ ᠲᠡᠮᠦᠷ ᠵᠠᠮ ᠤᠯᠤᠰ ᠤᠨ ᠬᠤᠷᠳᠤᠨ ᠤ ᠲᠡᠮᠦᠷ ᠵᠠᠮ ᠤᠨ ᠪᠦᠯᠦᠭᠯᠡᠯ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠠᠰᠢᠭᠯᠠᠯᠲᠠ ᠳᠤ ᠣᠷᠣᠬᠤ ᠪᠣᠯᠤᠨ᠎ᠠ᠃ ᠲᠥᠯᠥᠪᠯᠡᠭᠡ ᠶᠣᠰᠣᠭᠠᠷ᠂ ᠴᠢᠭᠤᠯᠤᠯᠲᠤ ᠬᠠᠭᠠᠯᠭ᠎ᠠ ᠠᠴᠠ ᠬᠦᠬᠡᠬᠤᠳᠠ ᠬᠦᠷᠬᠦ ᠬᠤᠷᠳᠤᠨ ᠤ ᠲᠡᠮᠦᠷ ᠵᠠᠮ ᠪᠣᠯᠤᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠬᠤᠷᠳᠤᠨ ᠤ ᠲᠡᠮᠦᠷ ᠵᠠᠮ 12 ᠰᠠᠷ᠎ᠠ ᠶᠢᠨ ᠰᠡᠭᠦᠯᠴᠢ ᠪᠠᠷ ᠵᠡᠷᠭᠡᠪᠡᠷ ᠨᠡᠪᠲᠡᠷᠡᠨ᠎ᠡ᠃       ᠣᠶᠢᠯᠠᠭᠠᠭᠰᠠᠨ ᠢᠶᠠᠷ᠂ ᠴᠢᠭᠤᠯᠤᠯᠲᠤ ᠬᠠᠭᠠᠯᠭ᠎ᠠ ᠠᠴᠠ ᠬᠦᠬᠡᠬᠤᠳᠠ ᠬᠦᠷᠬᠦ ᠬᠤᠷᠳᠤᠨ ᠤ ᠲᠡᠮᠦᠷ ᠵᠠᠮ ᠤᠨ ᠤᠯᠠᠭᠠᠨᠴᠠᠪ ᠠᠴᠠ ᠬᠥᠬᠡᠬᠤᠲᠠ ᠬᠦᠷᠬᠦ ᠬᠡᠰᠡᠭ ᠨᠢ 2017 ᠣᠨ ᠤ 8 ᠰᠠᠷ᠎ᠠ ᠳᠤ ᠠᠰᠢᠭᠯᠠᠯᠲᠠ ᠳᠤ ᠣᠷᠣᠪᠠ᠃ ᠡᠨᠡ ᠵᠢᠯ ᠤᠨ 6 ᠰᠠᠷ᠎ᠠ ᠠᠴᠠ ᠨᠠᠭᠠᠰᠢ᠂ ᠬᠦᠬᠡᠬᠤᠲᠠ ᠶᠢᠨ ᠬᠤᠷᠳᠤᠨ ᠤ ᠲᠡᠮᠦᠷ ᠵᠠᠮ ᠤᠨ ᠬᠤᠸᠠᠢ ᠠᠨ ᠠᠴᠠ ᠤᠯᠠᠭᠠᠨᠴᠠᠪ ᠬᠦᠷᠬᠦ ᠬᠡᠰᠡᠭ ᠤᠨ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠪᠠ ᠲᠤᠷᠰᠢᠨ ᠠᠵᠢᠯᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠨᠢᠭᠡᠨᠲᠡ ᠳᠠᠭᠤᠰᠬᠠᠪᠠ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠢᠨᠵᠧᠨᠧᠷᠢᠩ ᠪᠣᠯᠤᠭᠰᠠᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠬᠤᠷᠳᠤᠨ ᠤ ᠲᠡᠮᠦᠷ ᠵᠠᠮ 10 ᠰᠠᠷ᠎ᠠ ᠶᠢᠨ 5᠎ ᠤ ᠡᠳᠦᠷ ᠠᠴᠠ ᠡᠬᠢᠯᠡᠨ ᠬᠤᠯᠪᠣᠭᠠᠯᠠᠨ ᠲᠣᠬᠢᠷᠠᠭᠤᠯᠵᠤ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠬᠤᠷᠲᠤᠨ ᠤ ᠲᠡᠮᠦᠷ ᠵᠠᠮ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠠᠵᠢᠯ ᠤᠷᠤᠭᠰᠢᠲᠠᠶ ᠶᠠᠪᠤᠭᠳᠠᠵᠤ᠂ ᠲᠡᠮᠦᠷ ᠵᠠᠮ ᠤᠨ ᠰᠠᠯᠠᠭ᠎ᠠ ᠮᠥᠴᠢᠷ ᠬᠤᠷᠳᠤᠨ ᠤ ᠲᠡᠮᠦᠷ ᠵᠠᠮ ᠢ ᠨᠡᠪᠲᠡᠷᠡᠭᠦᠯᠦᠨ ᠡᠵᠡᠩᠨᠡᠬᠦ ᠡᠮᠦᠨᠡᠬᠢ ᠬᠤᠭᠤᠴᠠᠭᠠᠨ ᠤ ᠠᠵᠢᠯ ᠢ ᠲᠦᠷᠭᠡᠪᠴᠢᠯᠡᠨ ᠠᠬᠢᠭᠤᠯᠬᠤ ᠪᠣᠯᠤᠨ᠎ᠠ᠃      ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠡᠮᠦᠷ ᠵᠠᠮ ᠤᠨ ᠪᠦᠲᠦᠭᠡᠨ ᠪᠠᠢᠭᠤᠯᠤᠯᠲᠠ ᠶᠢᠨ ᠲᠥᠯᠥᠪᠵᠢᠭᠦᠯᠪᠡ ᠪᠣᠯᠤᠨ ᠤᠯᠤᠰ ᠤᠨ ᠤᠷᠲᠤ ᠬᠤᠭᠤᠴᠠᠭᠠᠨ ᠤ ᠲᠡᠮᠦᠷ ᠵᠠᠮ ᠤᠨ ᠲᠤᠤᠷ ᠤᠨ ᠲᠥᠯᠥᠪᠵᠢᠭᠦᠯᠪᠡ ᠶᠣᠰᠣᠭᠠᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠲᠦ ᠺᠣᠮᠫᠠᠨᠢ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠲᠤᠷᠠᠨ ᠪᠤᠭᠤᠲᠤ ᠠᠴᠠ ᠢᠷᠭᠠᠶ ᠬᠦᠷᠬᠦ ᠬᠤᠷᠲᠤᠨ ᠤ ᠲᠡᠮᠦᠷ ᠵᠠᠮ ᠤᠨ ᠪᠤᠭᠤᠲᠤ ᠠᠴᠠ ᠬᠤᠢ ᠨᠦᠩ ᠬᠦᠷᠬᠦ ᠬᠡᠰᠡᠭ᠂ ᠵᠢᠨᠢᠩ ᠠᠴᠠ ᠳ᠋ᠠᠲ᠋ᠦ᠋ᠩ ᠵᠢᠴᠢ ᠶᠤᠸᠠᠨᠫᠢᠩ ᠬᠦᠷᠬᠦ ᠬᠤᠷᠲᠤᠨ ᠤ ᠲᠡᠮᠦᠷ ᠵᠠᠮ᠂ ᠪᠤᠭᠤᠲᠤ ᠠᠴᠠ ᠰᠢ ᠠᠨ ᠬᠦᠷᠬᠦ ᠬᠤᠷᠲᠤᠨ ᠤ ᠲᠡᠮᠦᠷ ᠵᠠᠮ ᠤᠨ ᠣᠷᠳᠣᠰ ᠠᠴᠠ ᠢᠤᠢ ᠯᠢᠨ ᠬᠦᠷᠬᠦ ᠬᠡᠰᠡᠭ ᠤᠨ 3 ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠶᠠᠭ ᠢᠳᠡᠪᠬᠢᠲᠡᠢ ᠥᠷᠨᠢᠭᠦᠯᠵᠦ ᠪᠠᠶᠢᠨ᠎ᠠ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号