ᠭᠤᠷᠪᠡᠨ ᠵᠢᠯ ᠰᠢᠬᠠᠮ ᠤᠨ ᠬᠦᠭᠵᠢᠯᠲᠡ ᠪᠠᠷ ᠳᠠᠮᠵᠢᠨ᠂ ᠬᠢᠨᠭ᠍ᠭᠠᠨ ᠠᠶᠢᠮᠠᠭ ᠤᠨ ᠬᠡᠰᠡᠭ PPP ᠲᠦᠷᠦᠯ | ᠵᠦᠢᠯ ᠨᠢᠭᠡᠨᠲᠡ ᠬᠡᠷᠡᠭᠵᠢᠭᠦᠯᠬᠦ ᠱᠠᠲᠤᠨ ᠳᠤ ᠣᠷᠤᠪᠠ᠃ PPP ᠲᠦᠷᠦᠯ ᠵᠦᠢᠯ ᠢ ᠨᠠᠶᠢᠲᠠᠪᠤᠷᠢᠵᠢᠭᠤᠯᠬᠤ ᠳᠤ | PPP ᠲᠦᠷᠦᠯ ᠵᠦᠢᠯ ᠤᠨ ᠭᠡᠷ᠎ᠡ ᠶᠣᠰᠤᠭᠠᠷ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ | ᠨᠠᠶᠢᠳᠠᠪᠦᠷᠢᠵᠢᠭᠤᠯᠤᠭᠰᠠᠨ ᠲᠦᠷᠦᠯ ᠵᠦᠢᠯ ᠢ ᠡᠵᠡᠩᠨᠡᠯᠲᠡ ᠳᠤ ᠤᠷᠤᠭᠤᠯᠤᠭᠰᠠᠨ ᠤ ᠳᠠᠷᠠᠭ᠎ᠠ ᠦᠷ᠎ᠡ ᠪᠦᠲᠦᠮᠵᠢ ᠪᠠᠷ | ᠨᠢ ᠵᠠᠷᠤᠳᠡᠯ ᠦᠭᠬᠦ ᠶᠢ ᠪᠠᠶᠡᠯᠡᠭᠦᠯᠦᠨ᠂ ︽ᠪᠣᠳᠠᠰ ᠨᠢ ᠦᠷᠳᠡᠭ ᠲᠠᠢ ᠪᠠᠶᠢᠬᠤ︾ ᠮᠦᠷᠲᠡᠭᠡᠨ ᠶᠠᠰᠦ ᠴᠢᠨᠠᠷ ᠪᠠ | ᠦᠷᠬᠦᠯᠵᠢᠯᠡᠬᠦ ᠶᠢ ᠴᠢᠬᠤᠯᠠᠴᠢᠯᠠᠵᠦ ᠪᠠᠶᠢᠬᠤ ᠶᠢ ᠲᠤᠰᠬᠠᠬᠤ ᠴᠢᠬᠤᠯᠠ ᠲᠠᠢ ᠶᠤᠮ᠃ ᠣᠲᠤᠬᠠᠨ ᠳᠤ ᠡᠳ᠋ ᠤᠨ | ᠵᠠᠰᠠᠭ ᠤᠨ ᠶᠠᠮᠤᠨ ᠬᠠᠮᠢᠶ᠎ᠠ ᠪᠦᠬᠦᠢ ᠰᠢᠰᠲ᠋ᠧᠮᠲᠦ ᠴᠢᠨᠠᠷᠲᠠᠢ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ | ᠲᠦᠷᠢᠮ ᠤᠨ ᠰᠢᠰᠲ᠋ᠧᠮᠵᠢ ᠶᠢ ᠬᠠᠷᠠᠬᠠᠨ ᠨᠡᠶᠢᠲᠡᠯᠡᠭᠡᠲᠦᠢ ᠪᠠᠶᠢᠲᠡᠯ ᠲᠣᠣᠷ᠎ᠡ᠂ ᠬᠢᠨᠭ᠍ᠭᠠᠨ ᠠᠶᠢᠮᠠᠭ ᠤᠨ ᠡᠳ᠋ ᠤᠨ ᠵᠠᠰᠠᠭ | ᠤᠨ ᠲᠣᠪᠴᠢᠶ᠎ᠠ PPP ᠲᠦᠷᠦᠯ ᠵᠦᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠢᠳᠡᠪᠬᠢᠲᠡᠢ | ᠰᠦᠪᠡᠭᠴᠢᠯᠡᠪᠡ᠄ ᠨᠢᠭᠡ ᠳᠤ᠂ ᠰᠢᠨ᠎ᠡ ᠪᠠᠷ ᠬᠦᠮᠦᠷᠭᠡ ᠳᠤ ᠣᠷᠤᠭᠤᠯᠬᠤ ᠲᠦᠷᠦᠯ ᠵᠦᠢᠯ ᠳᠤ᠂ ᠦᠷ᠎ᠡ ᠪᠦᠲᠦᠮᠵᠢ ᠶᠢ | ᠬᠢᠨᠠᠨ ᠰᠢᠯᠭᠠᠬᠤ ᠶᠢ ᠲᠦᠷᠦᠯ ᠵᠦᠢᠯ ᠤᠨ ᠭᠡᠷ᠎ᠡ ᠶᠢᠨ ᠴᠢᠬᠤᠯᠠ ᠵᠦᠢᠯ ᠵᠣᠷᠪᠤᠰ ᠪᠣᠯᠭᠠᠨ᠂ ᠦᠷ᠎ᠡ ᠪᠦᠲᠦᠮᠵᠢ ᠶᠢ | ᠬᠢᠨᠠᠨ ᠰᠢᠯᠭᠠᠬᠤ ᠠᠭᠤᠯᠭ᠎ᠠ ᠦᠭᠡᠢ ᠪᠣᠶᠦ ᠪᠣᠳᠠᠲᠠᠢ ᠦᠷ᠎ᠡ ᠪᠦᠲᠦᠮᠵᠢ ᠶᠢ ᠬᠢᠨᠠᠨ ᠰᠢᠯᠭᠠᠬᠤ ᠭᠦᠢᠴᠡᠳᠭᠡᠬᠦ | ᠲᠤᠭ᠎ᠠ ᠶᠢᠨ ᠰᠢᠰᠲ᠋ᠧᠮᠵᠢ ᠦᠭᠡᠢ ᠡᠰᠡᠭᠦᠯ᠎ᠡ ᠬᠢᠨᠡᠨ ᠰᠢᠯᠭᠠᠬᠤ ᠳᠤ ᠦᠨᠡᠨ ᠪᠣᠳᠠᠲᠠᠢ ᠴᠢᠨᠠᠷ ᠪᠠᠶᠢᠬᠤ ᠦᠭᠡᠢ ᠶᠢ ᠨᠢ | ᠬᠦᠮᠦᠷᠭᠡ ᠳᠤ ᠣᠷᠤᠭᠤᠯᠬᠤ ᠶᠢ ᠦᠯᠦ ᠵᠦᠪᠰᠢᠶᠡᠷᠡᠵᠡᠢ᠃ ᠬᠤᠶᠠᠷ ᠲᠤ᠂ PPP ᠲᠦᠷᠦᠯ ᠵᠦᠢᠯ ᠤᠨ ᠦᠷ᠎ᠡ | ᠪᠦᠲᠦᠮᠵᠢ ᠶᠢ ᠬᠢᠨᠠᠨ ᠰᠢᠯᠭᠠᠬᠤ ᠶᠢ ︽ᠡᠳ᠋ ᠤᠨ ᠵᠠᠰᠠᠭ ᠤᠨ ᠲᠦᠰᠦᠪ ᠤᠨ ᠲᠦᠷᠦᠯ ᠵᠦᠢᠯ ᠤᠨ ᠬᠦᠮᠦᠷᠭᠡ ᠶᠢᠨ | ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠣᠷᠤᠭᠤᠯᠵᠦ᠂ ᠬᠦᠮᠦᠷᠭᠡ ᠳᠤ ᠣᠷᠤᠭᠤᠯᠬᠤ ᠲᠦᠷᠦᠯ | ᠵᠦᠢᠯ ᠳᠤ ᠰᠢᠰᠲ᠋ᠧᠮ ᠤᠨ ᠵᠢᠷᠤᠭ ᠲᠦᠯᠦᠪᠯᠡᠭᠡ ᠶᠢᠨ ᠱᠠᠭᠠᠷᠳᠠᠯᠭ᠎ᠠ ᠶᠣᠰᠤᠭᠠᠷ ᠬᠢᠨᠠᠨ ᠰᠢᠯᠭᠠᠯᠲᠠ ᠬᠢᠵᠡᠢ᠃ | ᠭᠤᠷᠪᠠ ᠳᠤ᠂ ᠨᠢᠭᠡᠨᠲᠡ ᠡᠵᠡᠩᠨᠡᠯᠲᠡ ᠳᠤ ᠣᠷᠤᠭᠰᠠᠨ ᠲᠦᠷᠦᠯ ᠵᠦᠢᠯ ᠳᠤ᠂ ᠪᠣᠳᠠᠲᠠᠢ ᠬᠢᠨᠠᠨ ᠰᠢᠯᠭᠠᠬᠤ | ᠭᠦᠢᠴᠡᠳᠭᠡᠯ ᠲᠤᠭ᠎ᠠ ᠶᠢ ᠵᠢᠷᠤᠵᠦ ᠲᠦᠯᠦᠪᠯᠡᠬᠦ᠂ ᠦᠷ᠎ᠡ ᠪᠦᠲᠦᠮᠵᠢ ᠶᠢ ᠬᠢᠨᠠᠨ ᠡᠵᠡᠮᠳᠡᠬᠦ᠂ ᠦᠷ᠎ᠡ ᠳ᠋ᠦᠡᠭ ᠢ | ᠬᠡᠷᠡᠭᠯᠡᠬᠦ ᠵᠡᠷᠭᠡ ᠪᠦᠬᠦ ᠶᠠᠪᠤᠴᠠ ᠳᠤ ᠲᠤᠰᠬᠠᠢ ᠮᠡᠷᠭᠡᠵᠢᠯ ᠤᠨ ᠵᠠᠭᠤᠴᠢ ᠪᠠᠶᠢᠭᠤᠯᠤᠮᠵᠢ ᠳᠤ ᠲᠦᠰᠢᠭᠯᠡᠨ᠂ ᠪᠦᠬᠦᠨ ᠢ | ᠬᠠᠮᠤᠷᠤᠭᠤᠯᠬᠤ ᠪᠠᠷ ᠬᠦᠴᠦᠯᠡᠨ ᠴᠢᠷᠮᠠᠶᠢᠵᠦ᠂ ᠪᠦᠬᠦ ᠦᠶᠡᠯᠡᠯ ᠤᠨ ᠬᠤᠭᠤᠴᠠᠭ᠎ᠠ ᠳᠤ ᠲᠤᠭᠤᠰᠢᠯᠠᠭᠤᠯᠤᠨ᠂ ᠪᠦᠬᠦ | ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠡᠯᠬᠢᠶᠡᠰᠦ ᠶᠢ ᠪᠣᠢ | ᠪᠣᠯᠭᠠᠵᠦ᠂ ᠦᠷ᠎ᠡ ᠪᠦᠲᠦᠮᠵᠢ ᠶᠢᠨ ᠬᠠᠷᠢᠭᠤᠴᠠᠯᠭ᠎ᠠ ᠶᠢᠨ ᠬᠢᠵᠠᠭᠠᠷᠯᠠᠯ ᠢ ᠴᠢᠩᠭᠠᠷᠠᠭᠤᠯᠤᠨ᠂ PPP ᠲᠦᠷᠦᠯ | ᠵᠦᠢᠯ ᠢ ᠦᠨᠡᠨ ᠬᠦ ᠦᠷᠳᠡᠭ ᠲᠠᠢ ᠪᠣᠯᠭᠠᠵᠦ᠂ ᠠᠯᠤᠰ ᠤᠨ ᠠᠶᠠᠯᠠᠯ ᠳᠤ ᠯᠠᠪᠳᠠᠭᠤᠨ ᠢᠶᠠᠷ ᠤᠷᠤᠭᠰᠢᠯᠠᠬᠤ | ᠪᠣᠯᠭᠠᠵᠠᠢ ᠃ |