ᠡᠷᠢᠶᠠᠨ ᠬᠤᠲᠠ ᠭᠠᠳᠠᠭᠠᠳᠤ ᠶᠢᠨ ᠬᠦᠮᠦᠨ ᠳᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠤᠨ ᠪᠤᠳᠠᠲᠠᠢ | ᠪᠠᠶᠢᠳᠠᠯ ᠳᠤ ᠰᠠᠭᠤᠷᠢᠯᠠᠵᠤ᠂ ᠬᠢᠯᠢ ᠪᠠᠷ ᠤᠷᠤᠬᠤ ᠭᠠᠳᠠᠭᠠᠳᠤ ᠶᠢᠨ ᠬᠦᠮᠦᠰ ᠲᠤ ᠦᠢᠯᠡᠴᠢᠯᠡᠬᠦ ᠬᠠᠮᠢᠶᠠᠷᠤᠯᠲᠠ ᠪᠠᠨ | ᠴᠢᠩᠭᠠᠳᠬᠠᠬᠤ ᠶᠢᠨ ᠲᠦᠯᠦᠭᠡ᠂ 11 ᠳ᠋ᠦ᠋ᠭᠡᠷ ᠰᠠᠷ᠎ᠠ ᠶᠢᠨ 22 ᠤᠨ ᠡᠳᠦᠷ ᠡᠷᠢᠶᠠᠨ ᠬᠤᠲᠠ ᠶᠢᠨ ᠠᠷᠠᠳ ᠢ | ᠨᠡᠭᠦᠯᠭᠡᠬᠦ ᠶᠠᠪᠤᠳᠠᠯ ᠤᠨ ᠦᠢᠯᠡᠴᠢᠯᠡᠭᠡᠨ ᠤ ᠲᠥᠪ ᠢᠯᠡᠷᠬᠡᠶᠢᠯᠡᠯ ᠡᠯᠭᠦᠨ ᠠᠵᠢᠯᠯᠠᠭᠰᠠᠨ ᠤ ᠬᠠᠮᠲᠤ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠢ ᠦᠷᠨᠢᠭᠦᠯᠪᠡ᠃ ᠦᠢᠯᠡᠴᠢᠯᠡᠭᠡᠨ ᠤ ᠲᠦᠪ ᠨᠢ ᠭᠤᠤᠯᠳᠠᠭᠤ ᠭᠠᠳᠠᠭᠠᠳᠤ ᠶᠢᠨ ᠬᠦᠮᠦᠰ ᠤᠨ | ᠵᠠᠭᠠᠯᠳᠤᠯᠭ᠎ᠠ ᠪᠠ ᠬᠡᠷᠡᠭ ᠮᠡᠳᠡᠭᠦᠯᠦᠯᠲᠡ ᠶᠢ ᠨᠢ ᠬᠦᠯᠢᠶᠠᠨ ᠠᠪᠴᠤ ᠰᠢᠢᠳᠪᠦᠷᠢᠯᠡᠬᠦ᠂ ᠭᠠᠳᠠᠭᠠᠳᠤ ᠶᠢᠨ ᠬᠦᠮᠦᠰ ᠤᠨ | ᠠᠪᠤᠷᠠᠨ ᠲᠤᠰᠠᠯᠠᠭᠤᠯᠬᠤ ᠭᠤᠶᠤᠴᠢᠯᠠᠯ ᠢ ᠨᠢ ᠬᠦᠯᠢᠶᠠᠨ ᠠᠪᠴᠤ ᠰᠢᠢᠳᠪᠦᠷᠢᠯᠡᠬᠦ᠂ ᠭᠠᠳᠠᠭᠠᠳᠤ ᠶᠢᠨ ᠬᠦᠮᠦᠰ ᠤᠨ | ᠬᠠᠤᠯᠢ ᠴᠠᠭᠠᠴᠠ ᠶᠢᠨ ᠯᠠᠪᠯᠠᠭ᠎ᠠ ᠬᠢᠬᠦ ᠵᠢᠴᠢ ᠬᠠᠤᠯᠢ ᠴᠠᠭᠠᠵᠠ ᠶᠢᠨ ᠲᠤᠰᠠᠯᠠᠮᠵᠢ ᠠᠪᠬᠤ ᠶᠢ ᠨᠢ ᠬᠦᠯᠢᠶᠡᠨ ᠠᠪᠴᠤ | ᠰᠢᠢᠳᠪᠦᠷᠢᠯᠡᠬᠦ᠂ ᠳᠤᠮᠳᠠᠳᠤ ᠳᠤ ᠭᠠᠳᠠᠭᠠᠳᠤ ᠶᠢᠨ ᠬᠦᠮᠦᠰ ᠰᠠᠭᠤᠬᠤ ᠴᠠᠭ ᠢᠶᠠᠨ ᠤᠷᠲᠤᠳᠬᠠᠬᠤ ᠪᠠ ᠤᠷᠤᠰᠢᠨ | ᠰᠠᠭᠤᠬᠤ ᠭᠤᠶᠤᠴᠢᠯᠠᠯ ᠢ ᠨᠢ ᠬᠦᠯᠢᠶᠠᠨ ᠠᠪᠴᠤ ᠰᠢᠢᠳᠪᠦᠷᠢᠯᠡᠬᠦ᠂ ᠭᠠᠳᠠᠭᠠᠳᠤ ᠶᠢᠨ ᠬᠦᠮᠦᠰ ᠤᠨ ᠲᠦᠷ ᠰᠠᠭᠤᠬᠤ | ᠭᠤᠶᠤᠴᠢᠯᠠᠯ ᠵᠢᠴᠢ ᠲᠡᠮᠲᠡᠭᠯᠡᠨ ᠳᠠᠩᠰᠠᠯᠠᠭᠤᠯᠬᠤ ᠶᠢ ᠨᠢ ᠬᠦᠯᠢᠶᠠᠨ ᠠᠪᠴᠤ ᠰᠢᠢᠳᠪᠦᠷᠢᠯᠡᠬᠦ᠂ ᠪᠠᠶᠢᠩᠭᠤ ᠰᠠᠭᠤᠭ᠎ᠠ | ᠭᠠᠳᠠᠭᠠᠳᠤ ᠶᠢᠨ ᠬᠦᠮᠦᠰ ᠤᠨ ᠬᠤᠪᠢᠷᠠᠭᠤᠯᠬᠤ ᠵᠦᠢᠯᠡᠰ ᠤᠨ ᠭᠤᠶᠤᠴᠢᠯᠠᠯ ᠢ ᠨᠢ ᠬᠦᠯᠢᠶᠠᠨ ᠠᠪᠴᠤ ᠰᠢᠢᠳᠪᠦᠷᠢᠯᠡᠬᠦ | ᠂ ᠭᠠᠳᠠᠭᠠᠳᠤ ᠶᠢᠨ ᠬᠦᠮᠦᠰ ᠤᠨ ᠰᠤᠷᠭᠠᠭᠤᠯᠢ ᠳᠤ ᠤᠷᠤᠬᠤ ᠳᠤ ᠯᠠᠪᠯᠠᠭ᠎ᠠ ᠶᠢᠨ ᠦᠢᠯᠡᠴᠢᠯᠡᠭᠡ ᠬᠠᠩᠭᠠᠬᠤ᠂ ᠠᠵᠢᠯ | ᠤᠯᠭᠤᠬᠤ ᠠᠵᠢᠯ ᠬᠢᠬᠦ ᠠᠵᠢᠯ ᠤᠨ ᠪᠠᠶᠢᠷᠢ ᠶᠢᠨ ᠵᠠᠭᠤᠴᠢ ᠦᠢᠯᠡᠴᠢᠯᠡᠭᠡ ᠬᠠᠩᠭᠠᠬᠤ᠂ ᠭᠠᠳᠠᠭᠠᠳᠤ ᠶᠢᠨ ᠬᠦᠮᠦᠰ ᠤᠨ | ᠦᠨᠡᠮᠯᠡᠯ ᠭᠡᠷᠡᠴᠢ ᠪᠠᠨ ᠭᠡᠭᠡᠭᠰᠡᠨ ᠶᠠᠪᠤᠳᠠᠯ ᠳᠤ ᠭᠡᠷᠡᠴᠢ ᠬᠢᠵᠦ ᠦᠭᠬᠦ᠂ ᠦᠰᠦᠭ ᠪᠢᠴᠢᠭ ᠤᠨ ᠤᠷᠴᠢᠭᠤᠯᠭ᠎ᠠ ᠶᠢᠨ | ᠦᠢᠯᠡᠴᠢᠯᠡᠭᠡ ᠬᠠᠩᠭᠠᠬᠤ᠂ ᠪᠠᠶᠢᠩᠭᠤ ᠰᠠᠭᠤᠭ᠎ᠠ ᠭᠠᠳᠠᠭᠠᠳᠤ ᠶᠢᠨ ᠬᠦᠮᠦᠰ ᠲᠤ ᠲᠦᠷ ᠴᠠᠭ ᠤᠨ ᠲᠤᠰᠠᠯᠠᠮᠵᠢ ᠶᠢᠨ | ᠮᠦᠩᠭᠦ ᠬᠢᠨᠠᠨ ᠤᠯᠭᠤᠬᠤ ᠵᠡᠷᠭᠡ ᠭᠠᠳᠠᠭᠠᠳᠤ ᠶᠢᠨ ᠬᠦᠮᠦᠰ ᠲᠠᠢ ᠬᠤᠯᠪᠤᠭᠳᠠᠭᠰᠠᠨ ᠦᠢᠯᠡᠴᠢᠯᠡᠭᠡ ᠪᠠ | ᠬᠠᠮᠢᠶᠠᠷᠤᠯᠲᠠ ᠶᠢᠨ ᠶᠠᠪᠤᠳᠠᠯ ᠤᠳ ᠢ ᠡᠭᠦᠷᠭᠡᠯᠡᠨ᠎ᠡ᠃ |