ᠣᠷᠲᠤᠰ ᠬᠤᠲᠠ ᠦᠵᠡᠰᠭᠦᠯᠡᠩᠲᠦ ᠰᠠᠶᠢᠬᠠᠨ ᠬᠦᠳᠡᠭᠡ ᠲᠣᠰᠬᠤᠨ ᠢ ᠪᠦᠲᠦᠭᠡᠨ ᠪᠠᠶᠢᠭᠤᠯᠬᠤ ᠭᠤᠣᠯᠳᠠᠯᠭ᠎ᠠ ᠎ ᠲᠠᠢ ᠣᠷᠤᠨ ᠪᠦᠰᠡ ᠶᠢᠨ ᠣᠷᠴᠢᠨ ᠲᠣᠭᠤᠷᠢᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠰᠢᠪᠲᠤᠯᠤᠯᠲᠠ ᠶᠢᠨ ᠲᠤᠰᠬᠠᠢ ᠠᠵᠢᠯᠯᠠᠭ᠎ᠠ︾᠎ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2019/11/29
     ᠲᠦᠪ ᠪᠠ ᠦᠪᠡᠷᠲᠡᠭᠡᠨ ᠵᠠᠰᠠᠬᠤ ᠣᠷᠤᠨ ᠠᠴᠠ ᠪᠠᠶᠢᠷᠢᠯᠠᠭᠤᠯᠤᠭᠰᠠᠨ ᠬᠦᠳᠡᠭᠡ ᠲᠤᠰᠬᠤᠨ ᠤ ᠨᠡᠶᠢᠭᠡᠮ ᠢ ᠵᠠᠰᠠᠬᠤ᠂ ᠮᠠᠯᠵᠢᠬᠤ ᠲᠠᠷᠢᠶᠠᠯᠠᠬᠤ ᠣᠷᠤᠨ ᠤ ᠣᠷᠤᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠠᠲᠤᠨ ᠭᠤᠣᠯ ᠤᠨ ᠰᠠᠪᠠ ᠭᠠᠵᠠᠷ ᠢ ᠵᠠᠰᠠᠬᠤ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠶᠠᠪᠤᠭᠤᠯᠬᠤ᠂ ᠠᠭᠤᠷᠬᠠᠢ ᠶᠢᠨ ᠣᠷᠣᠨ ᠤ ᠲᠣᠪᠣᠶᠢᠮ᠎ᠡ ᠠᠰᠠᠭᠤᠳᠠᠯ ᠢ ᠴᠡᠭᠴᠡᠯᠡᠨ ᠵᠠᠰᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠶᠡᠷᠦᠩᠭᠡᠶᠢᠯᠡᠨ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠴᠢᠨᠠᠷ ᠰᠠᠶᠢᠲᠦᠷ ᠪᠡᠶᠡᠯᠡᠭᠦᠯᠵᠦ᠂ ᠣᠷᠲᠤᠰ ᠬᠤᠲᠠ ᠶᠢᠨ ᠮᠠᠯᠵᠢᠬᠤ ᠲᠠᠷᠢᠶᠠᠯᠠᠬᠤ ᠣᠷᠤᠨ ᠤ ᠭᠤᠣᠯᠳᠠᠯᠭ᠎ᠠ ᠲᠠᠢ ᠣᠷᠤᠨ ᠪᠦᠰᠡ ᠶᠢᠨ ᠣᠷᠴᠢᠨ ᠲᠣᠭᠤᠷᠢᠨ ᠤ ᠲᠣᠪᠣᠶᠢᠮ᠎ᠡ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠵᠦ᠂ ᠦᠵᠡᠰᠭᠦᠯᠡᠩᠲᠦ ᠰᠠᠶᠢᠬᠠᠨ ᠬᠦᠳᠡᠭᠡ ᠲᠣᠰᠬᠤᠨ ᠢ ᠪᠦᠲᠦᠭᠡᠨ ᠪᠠᠶᠢᠭᠤᠯᠬᠤ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠬᠤ ᠶᠢᠨ ᠲᠤᠰᠠᠲᠠ᠂ 11 ᠳ᠋ᠦ᠋ᠭᠡᠷ ᠰᠠᠷ᠎ᠠ ᠶᠢᠨ 26᠎ ᠤ ᠡᠳᠦᠷ᠂ ᠣᠷᠲᠤᠰ ᠬᠤᠲᠠ ᠪᠦᠬᠦ ᠬᠤᠲᠠ ᠶᠢᠨ ᠦᠵᠡᠰᠭᠦᠯᠡᠩᠲᠦ ᠰᠠᠶᠢᠬᠠᠨ ᠬᠦᠳᠡᠭᠡ ᠲᠣᠰᠬᠤᠨ ᠢ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠣᠷᠤᠨ ᠪᠦᠰᠡ ᠶᠢᠨ ᠣᠷᠴᠢᠨ ᠲᠣᠭᠤᠷᠢᠨ ᠤ ᠡᠮᠬᠢ ᠵᠠᠮᠪᠠᠷᠠᠭ᠎ᠠ ᠦᠭᠡᠢ ᠪᠠᠶᠢᠳᠡᠯ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠰᠢᠪᠲᠤᠯᠤᠯᠲᠠ ᠶᠢᠨ ᠲᠤᠰᠬᠠᠢ ᠠᠵᠢᠯᠯᠠᠭ᠎ᠠ︾᠎ ᠶᠢ ᠡᠬᠢᠯᠡᠭᠦᠯᠪᠡ᠃      ᠲᠤᠰ ᠤᠳᠠᠭ᠎ᠠ ᠶᠢᠨ ᠲᠤᠰᠬᠠᠢ ᠠᠵᠢᠯᠯᠠᠭ᠎ᠠ ᠨᠢ ᠬᠠᠲᠤᠨ ᠭᠤᠣᠯ ᠤᠨ ᠡᠷᠭᠢ ᠳᠠᠭᠠᠤ ᠬᠦᠳᠡᠭᠡ ᠲᠤᠰᠬᠤᠨ᠂ ᠬᠤᠲᠠ ᠬᠦᠳᠡᠭᠡ ᠶᠢᠨ ᠠᠭᠤᠯᠵᠠᠷ ᠭᠠᠵᠠᠷ ᠪᠠ ᠬᠤᠰᠢᠭᠤ ᠲᠣᠭᠤᠷᠢᠭ ᠤᠨ ᠵᠠᠰᠠᠭ ᠤᠨ ᠣᠷᠲᠤᠨ ᠤ ᠪᠠᠶᠢᠭ᠎ᠠ ᠬᠤᠲᠡ ᠪᠠᠯᠭᠠᠰᠤ ᠵᠢᠴᠢ ᠪᠣᠰᠤᠳ ᠰᠣᠮᠦ᠂ ᠪᠠᠯᠭᠠᠰᠦ᠂ ᠲᠣᠭᠤᠷᠢᠭ︔ ᠪᠣᠭᠤᠲᠤ ᠠᠴᠠ ᠮᠣᠦ ᠮᠢᠩ ᠬᠦᠷᠬᠦ᠂ ᠷᠦᠡᠭ ᠴᠧᠩ ᠠᠴᠠ ᠦᠬᠠᠢ ᠬᠦᠷᠬᠦ᠂ ᠬᠠᠲᠤᠨ ᠭᠤᠣᠯ ᠳᠠᠭᠠᠤ ᠵᠡᠷᠭᠡ ᠦᠨᠳᠦᠷ ᠬᠤᠷᠲᠤᠴᠠᠲᠦ ᠵᠠᠰᠠᠮᠡᠯ ᠵᠠᠮ᠂ 109᠂ 110᠂ 210  ᠵᠡᠷᠭᠡ ᠤᠯᠤᠰ ᠤᠨ ᠵᠠᠮ᠂ ᠶᠠᠩ ᠰᠧ ᠽᠢ ᠠᠴᠠ ᠪᠠᠯᠭᠤᠨ ᠬᠦᠷᠬᠦ᠂ ᠪᠣᠭᠤᠲᠤ ᠠᠴᠠ ᠹᠦ᠋ ᠬᠦ᠋ ᠬᠦᠷᠬᠦ᠂ ᠬᠦᠬᠡᠬᠤᠲᠠ ᠠᠴᠠ ᠳ᠋ᠠ ᠹᠠᠨ ᠫᠤ ᠬᠦᠷᠬᠦ᠂ ᠨᠡᠭᠦᠷᠡᠰᠦ ᠳᠡᠭᠡᠭᠡᠪᠦᠷᠢᠯᠡᠬᠦ ᠲᠤᠰᠬᠠᠢ ᠱᠤᠭᠤᠮ ᠵᠡᠷᠭᠡ ᠭᠤᠣᠯᠳᠠᠯᠭ᠎ᠠ ᠲᠠᠢ ᠵᠠᠰᠠᠮᠠᠯ ᠵᠠᠮ᠂ ᠪᠣᠭᠤᠲᠤ ᠠᠴᠠ ᠰᠢ ᠠᠨ ᠬᠦᠷᠬᠦ ᠳᠡᠮᠦᠷ ᠵᠠᠮ᠂ ᠬᠦᠬᠡᠬᠤᠲᠡ ᠠᠴᠠ ᠵᠡᠭᠦᠨᠭᠠᠷ᠂ ᠣᠷᠲᠤᠰ ᠬᠦᠷᠬᠦ ᠵᠡᠷᠭᠡ ᠭᠤᠣᠯᠳᠠᠯᠭ᠎ᠠ ᠲᠠᠢ ᠳᠡᠮᠦᠷ ᠵᠠᠮ ᠳᠠᠭᠠᠤ ︽ᠭᠤᠷᠪᠠᠨ ᠭᠤᠣᠯᠳᠠᠯᠭ᠎ᠠ ᠲᠠᠢ ᠣᠷᠤᠨ ᠪᠦᠰᠡ︾᠎ ᠳᠤ ᠠᠩᠬᠠᠷᠤᠯ ᠢᠶᠠᠨ ᠲᠦᠪᠯᠡᠷᠡᠭᠦᠯᠦᠨ᠎ᠡ᠃ ᠳᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠣᠷᠠᠭᠠᠬᠤ᠂ ᠣᠷᠴᠢᠨ ᠲᠣᠭᠤᠷᠢᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠎ ᠢ ᠪᠦᠬᠦ ᠲᠠᠯ᠎ᠠ ᠪᠠᠷ ᠴᠡᠭᠴᠡᠯᠡᠬᠦ ᠵᠡᠷᠭᠡ ︽ᠭᠤᠷᠪᠡᠨ ᠶᠡᠭᠡ ᠲᠤᠰᠬᠠᠢ ᠴᠡᠭᠴᠡᠯᠡᠨ ᠵᠠᠰᠠᠬᠤ︾ ᠠᠵᠢᠯ ᠢ ᠭᠤᠣᠯᠳᠠᠯᠭ᠎ᠠ ᠎ ᠲᠠᠢ ᠦᠷᠨᠢᠭᠦᠯᠦᠨ᠎ᠡ᠃ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠨᠡᠶᠢᠲᠡ ᠶᠢᠨ ᠬᠡᠷᠡᠭᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠮᠠᠰᠢᠨ ᠲᠡᠷᠭᠡᠨ ᠤ ᠦᠢᠯᠡᠴᠢᠯᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ︽ᠭᠤᠷᠪᠡᠨ ᠵᠦᠢᠯ ᠤᠨ ᠰᠠᠭᠤᠷᠢ ᠪᠦᠲᠦᠭᠡᠨ ᠪᠠᠶᠢᠭᠤᠯᠤᠯᠲᠠ︾᠎ ᠶᠢ ᠰᠠᠶᠢᠲᠤᠷ ᠠᠳᠬᠤᠨ᠎ᠠ᠃      ᠡᠭᠦᠨ ᠠᠴᠠ ᠭᠠᠳᠠᠨ᠎ᠠ᠂ ︽ᠵᠠᠭᠤᠨ ᠡᠳᠦᠷ ᠤᠨ ᠰᠢᠪᠲᠤᠯᠤᠯᠲᠠ ᠶᠢᠨ ᠲᠤᠰᠬᠠᠢ ᠠᠵᠢᠯᠯᠠᠭ᠎ᠠ︾᠎ ᠶᠢ ᠪᠦᠲᠦᠮᠵᠢᠳᠠᠢ ᠠᠬᠢᠭᠤᠯᠬᠤ ᠶᠢᠨ ᠲᠦᠯᠦᠭᠡ᠂ ᠣᠷᠲᠤᠰ ᠬᠤᠲᠠ ᠳᠡᠭᠡᠲᠦ ᠲᠣᠣᠷᠠᠲᠤ ᠱᠠᠲᠤ ᠬᠠᠮᠲᠤᠷᠡᠨ ᠬᠦᠳᠡᠯᠦᠯᠴᠡᠬᠦ᠂ ᠰᠠᠯᠠᠭ᠎ᠠ ᠮᠦᠴᠢᠷ ᠬᠠᠮᠵᠢᠯᠴᠠᠬᠤ᠂ ᠦᠨᠳᠦᠷ ᠪᠦᠲᠦᠮᠵᠢᠲᠠᠢ ᠪᠦᠭᠡᠳ ᠡᠷᠴᠢᠮᠲᠠᠢ᠂ ᠡᠭᠦᠷᠭᠡ ᠬᠠᠷᠢᠭᠤᠴᠠᠯᠭ᠎ᠠ ᠲᠣᠲᠤᠷᠬᠠᠢ᠂ ᠵᠡᠷᠭᠡ ᠪᠠᠷ ᠠᠳᠬᠤᠵᠦ ᠬᠠᠮᠲᠤ ᠪᠠᠷ ᠬᠠᠮᠢᠶᠠᠷᠬᠤ ᠠᠵᠢᠯ ᠢ ᠠᠬᠢᠭᠤᠯᠬᠤ ᠲᠣᠭᠲᠠᠯᠴᠠᠭ᠎ᠠ ᠶᠢ ᠪᠣᠢ ᠪᠣᠯᠭᠠᠵᠦ᠂ ᠴᠠᠭ ᠤᠨ ᠳᠡᠰ ᠳᠠᠷᠠᠭᠠᠯᠠᠯ ᠢᠶᠠᠷ ᠳᠦᠷᠪᠡᠨ ᠱᠠᠲᠤ ᠬᠤᠪᠢᠶᠠᠨ ᠶᠠᠪᠤᠭᠳᠠᠭᠤᠯᠤᠨ᠎ᠠ᠄ ᠤᠬᠠᠭᠤᠯᠤᠨ ᠳᠠᠶᠢᠴᠢᠯᠠᠬᠤ ᠱᠠᠲᠦ ᠦᠶ᠎ᠡ ︵2019 ᠣᠨ ᠤ 11 ᠳ᠋ᠦ᠋ᠭᠡᠷ ᠰᠠᠷ᠎ᠠ ᠶᠢᠨ 26᠎ ᠤ ᠡᠳᠦᠷ ᠠᠴᠠ 12 ᠳ᠋ᠤᠭᠠᠷ ᠰᠠᠷ᠎ᠠ ᠶᠢᠨ 6᠎ ᠤ ᠡᠳᠦᠷ ᠪᠣᠯᠳᠠᠯ᠎ᠠ︶᠂ ᠲᠦᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵2019 ᠣᠨ ᠤ 12 ᠳ᠋ᠤᠭᠠᠷ ᠰᠠᠷ᠎ᠠ ᠶᠢᠨ 7᠎ ᠤ ᠡᠳᠦᠷ ᠠᠴᠠ 2020 ᠣᠨ ᠤ 3 ᠳ᠋ᠤᠭᠠᠷ ᠰᠠᠷ᠎ᠠ ᠶᠢᠨ 1᠎ ᠤ ᠡᠳᠤᠷ ᠪᠣᠯᠳᠠᠯ᠎ᠠ︶᠂ ᠪᠦᠷᠢᠨᠰᠢᠭᠦᠯᠦᠨ ᠳᠡᠭᠡᠭᠰᠢᠭᠦᠯᠬᠦ ᠱᠠᠲᠦ ᠦᠶ᠎ᠡ ︵2020 ᠣᠨ ᠤ 3 ᠳ᠋ᠤᠭᠠᠷ ᠰᠠᠷ᠎ᠠ ᠶᠢᠨ 2᠎ ᠤᠨ ᠡᠳᠦᠷ ᠠᠴᠠ 3 ᠳ᠋ᠤᠭᠠᠷ ᠰᠠᠷ᠎ᠠ ᠶᠢᠨ 20᠎ ᠤ ᠡᠳᠦᠷ ᠪᠣᠯᠳᠠᠯ᠎ᠠ︶᠂ ᠬᠢᠨᠠᠨ ᠰᠢᠯᠭᠠᠵᠦ ᠦᠨᠡᠯᠡᠨ ᠵᠢᠱᠢᠬᠦ ᠱᠠᠲᠤ ᠦᠶ᠎ᠡ ︵2020 ᠣᠨ ᠤ 3 ᠳ᠋ᠤᠭᠠᠷ ᠰᠠᠷ᠎ᠠ ᠶᠢᠨ 21᠎ ᠤ ᠡᠳᠦᠷ ᠠᠴᠠ 3 ᠳ᠋ᠤᠭᠠᠷ ᠰᠠᠷ᠎ᠠ ᠶᠢᠨ 31᠎ ᠤ ᠡᠳᠦᠷ ᠪᠣᠯᠳᠠᠯ᠎ᠠ︶ ᠭᠡᠮᠡᠨ ᠲᠦᠷᠪᠡᠨ ᠱᠠᠲᠤ ᠦᠶ᠎ᠡ ᠬᠤᠪᠢᠶᠠᠨ ᠶᠠᠪᠤᠭᠳᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号